ᠠᠶᠢᠮᠠᠭ ᠤᠨ ᠣᠨᠴᠠᠭᠠᠢ ᠺᠣᠮᠢᠰ ᠤᠨ ᠡᠭᠡᠯᠵᠢᠲᠦ 4 ᠍ ᠳᠦᠭᠡᠷ ᠬᠤᠷᠠᠯᠳᠤᠭᠠᠨ ᠪᠣᠯᠵᠤ ᠬᠥᠪᠰᠥᠭᠥᠯ ᠨᠠᠭᠤᠷ ᠢᠶᠠᠷ ᠥᠨᠥᠳᠥᠷ ᠡᠴᠡ ᠡᠬᠢᠯᠡᠨ ᠵᠣᠷᠴᠢᠬᠤ ᠶᠢ ᠪᠦᠷᠢᠨ ᠬᠤᠷᠢᠭᠯᠠᠪᠠ᠃ ᠬᠥᠪᠰᠥᠭᠥᠯ ᠨᠠᠭᠤᠷ ᠤᠨ ᠮᠥᠰᠥ ᠴᠦᠮᠦᠷᠡᠵᠦ᠂ ᠠᠮᠢ ᠨᠠᠰᠤ ᠪᠠᠨ ᠠᠯᠳᠠᠭᠰᠠᠨ ᠢᠷᠭᠡᠳ ᠷᠢᠨᠴᠢᠨᠯᠾᠠᠮᠪᠤ᠂ ᠴᠠᠭᠠᠨᠨᠠᠭᠤᠷ ᠰᠤᠮᠤ ᠶᠢᠨ ᠢᠷᠭᠡᠳ ᠦᠨ ᠵᠣᠷᠴᠢᠳᠠᠭ ᠵᠠᠮ ᠢᠶᠠᠷ ᠶᠠᠪᠤᠵᠤ ᠪᠠᠶᠢᠭᠰᠠᠨ ᠪᠠᠶᠢᠨ᠎ᠠ᠃ ᠣᠰᠣᠯ ᠪᠣᠯᠤᠭᠰᠠᠨ ᠭᠠᠵᠠᠷ ᠪᠤᠶᠤ ᠨᠤᠲᠤᠭ ᠤᠨ ᠢᠷᠭᠡᠳ ᠦᠨ ᠵᠣᠷᠴᠢᠳᠠᠭ ᠲᠤᠬᠠᠢ ᠶᠢᠨ ᠵᠠᠮ ᠤᠨ ᠮᠥᠰᠥ 3-5 ᠰᠠᠨᠲ᠋ᠢᠮᠧᠲ᠋ᠷ ᠪᠠᠶᠢᠭ᠎ᠠ ᠨᠢ ᠲᠣᠭᠲᠠᠭᠠᠭᠳᠠᠵᠠᠢ᠃ ᠡᠶᠢᠮᠦ ᠡᠴᠡ ᠢᠷᠭᠡᠳ ᠢ ᠥᠨᠥᠳᠥᠷ ᠡᠴᠡ ᠡᠬᠢᠯᠡᠨ ᠬᠥᠪᠰᠥᠭᠥᠯ ᠨᠠᠭᠤᠷ ᠪᠣᠯᠤᠨ ᠭᠣᠣᠯ ᠮᠥᠷᠡᠨ ᠦ ᠮᠥᠰᠥ ᠪᠡᠷ ᠵᠠᠮ ᠳᠥᠲᠡᠯᠡᠬᠦ ᠵᠣᠷᠢᠯᠭ᠎ᠠ ᠪᠠᠷ ᠵᠣᠷᠴᠢᠬᠤ ᠦᠭᠡᠢ ᠪᠠᠶᠢᠬᠤ ᠶᠢ ᠠᠩᠬᠠᠷᠤᠭᠤᠯᠵᠤ᠂ ᠲᠣᠭᠲᠠᠮᠠᠯ ᠡᠷᠭᠢᠭᠦᠯ ᠬᠢᠨᠠᠯᠲᠠ ᠶᠢ ᠵᠣᠬᠢᠶᠠᠨ ᠪᠠᠶᠢᠭᠤᠯᠬᠤ ᠠᠵᠢᠯ ᠤᠨ ᠬᠡᠰᠡᠭ ᠢ ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠼ∙ᠪᠠᠲᠤᠳᠤᠭᠳᠬᠤ ᠪᠠᠷ ᠠᠬᠠᠯᠠᠭᠤᠯᠤᠨ ᠪᠠᠶᠢᠭᠤᠯᠪᠠ᠃ ᠲᠤᠰ ᠠᠶᠢᠮᠠᠭ ᠤᠨ ᠬᠡᠮᠵᠢᠶᠡᠨ ᠳᠦ ᠡᠨᠡ ᠡᠪᠦᠯ ᠬᠠᠷᠢᠴᠠᠩᠭᠤᠢ ᠳᠤᠯᠠᠭᠠᠨ ᠪᠠᠶᠢᠭᠰᠠᠨ ᠲᠤᠯᠠ ᠭᠣᠣᠯ ᠮᠥᠷᠡᠨ ᠦ ᠤᠰᠤ ᠡᠷᠲᠡ ᠭᠡᠰᠴᠦ ᠪᠠᠶᠢᠭ᠎ᠠ ᠠᠵᠠᠢ᠃