ᠰᠣᠯᠣᠩᠭᠣᠰ ᠤᠨ ᠶᠡᠷᠦᠩᠬᠡᠢ ᠰᠠᠶᠢᠳ ᠯᠢ ᠨᠠᠭ ᠶᠤᠨ  ᠠᠶᠢᠯᠴᠢᠯᠠᠨ᠎ᠠ | News.MN

ᠰᠣᠯᠣᠩᠭᠣᠰ ᠤᠨ ᠶᠡᠷᠦᠩᠬᠡᠢ ᠰᠠᠶᠢᠳ ᠯᠢ ᠨᠠᠭ ᠶᠤᠨ  ᠠᠶᠢᠯᠴᠢᠯᠠᠨ᠎ᠠ

 

ᠡᠨᠡ ᠰᠠᠷ᠎ᠠ ᠶᠢᠨ 25-27 ᠳᠤ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠶᠡᠷᠦᠩᠬᠡᠢ ᠰᠠᠶᠢᠳ ᠯᠢ ᠨᠠᠭ ᠶᠤᠨ ᠮᠠᠨ ᠤ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠵᠠᠰᠠᠭ ᠤᠨ ᠭᠠᠵᠠᠷ ᠤᠨ ᠲᠡᠷᠢᠭᠦᠨ ᠮᠠᠨ ᠤ ᠤᠯᠤᠰ ᠲᠤ ᠳᠥᠷᠪᠡᠨ ᠵᠢᠯ ᠦᠨ ᠳᠠᠷᠠᠭ᠎ᠠ ᠠᠶᠢᠯᠴᠢᠯᠠᠵᠤ ᠪᠠᠶᠢᠭ᠎ᠠ ᠨᠢ ᠡᠨᠡ ᠶᠤᠮ᠃ ᠠᠶᠢᠯᠴᠢᠯᠠᠯ ᠤᠨ ᠦᠶ᠎ᠡ ᠪᠡᠷ ᠶᠡᠷᠦᠩᠬᠡᠢ ᠰᠠᠶᠢᠳ ᠯᠢ ᠨᠠᠭ ᠶᠤᠨ᠂ ᠶᠡᠷᠦᠩᠬᠡᠢ ᠰᠠᠶᠢᠳ ᠤ᠊∙ᠬᠦᠷᠡᠯᠰᠦ᠋ᠬᠡ ᠲᠡᠢ ᠠᠯᠪᠠᠨ ᠶᠣᠰᠣᠨ ᠤ ᠬᠡᠯᠡᠯᠴᠡᠭᠡ ᠬᠢᠵᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠨᠠᠷ ᠲᠤ ᠲᠤᠰ ᠲᠤᠰ ᠪᠠᠷᠠᠭᠠᠯᠬᠠᠨ᠎ᠠ᠃
ᠬᠤᠶᠠᠷ ᠲᠠᠯ᠎ᠠ ᠤᠯᠤᠰ ᠲᠥᠷᠥ᠂ ᠪᠠᠲᠤᠯᠠᠨ ᠬᠠᠮᠠᠭᠠᠯᠠᠬᠤ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠡᠳ᠋ ᠍ ᠦᠨ ᠵᠠᠰᠠᠭ᠂ ᠵᠠᠮ ᠲᠡᠭᠡᠭᠡᠪᠦᠷᠢ᠂ ᠡᠷᠴᠢᠮ ᠬᠦᠴᠦ᠂ ᠪᠠᠶᠢᠭᠠᠯᠢ ᠣᠷᠴᠢᠨ᠂ ᠰᠤᠶᠤᠯ ᠪᠣᠯᠪᠠᠰᠤᠷᠠᠯ ᠵᠡᠷᠭᠡ ᠥᠷᠭᠡᠨ  ᠬᠦᠷᠢᠶ᠎ᠡ ᠲᠡᠢ ᠰᠠᠯᠪᠤᠷᠢ ᠳᠤ ᠬᠠᠷᠢᠯᠴᠠᠭ᠎ᠠ ᠪᠠᠨ ᠭᠦᠨᠵᠡᠭᠡᠶᠢᠷᠡᠭᠦᠯᠦᠨ ᠬᠥᠭᠵᠢᠭᠦᠯᠬᠦ᠂ ᠢᠷᠭᠡᠳ ᠦᠨ ᠰᠣᠯᠢᠯᠴᠠᠭ᠎ᠠ ᠶᠢ ᠳᠡᠮᠵᠢᠬᠦ᠂ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠨ᠎ᠠ᠃
ᠤᠯᠠᠭᠠᠨᠪᠠᠭᠠᠲᠤᠷ ᠬᠣᠲᠠ ᠶᠢᠨ ᠠᠭᠠᠷ ᠤᠨ ᠪᠤᠬᠢᠷᠳᠤᠯ ᠢ ᠪᠠᠭᠤᠷᠠᠭᠤᠯᠬᠤ ᠴᠢᠭᠯᠡᠯ ᠳᠦ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠠᠴᠠ 500 ᠰᠠᠶ᠎ᠠ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡ ᠣᠯᠭᠤᠬᠤ ᠪᠠᠷ ᠪᠣᠯᠤᠭᠰᠠᠨ᠃ ᠤᠭ ᠠᠰᠠᠭᠤᠳᠠᠯ ᠲᠡᠢ ᠬᠣᠯᠪᠣᠭᠠᠲᠠᠢ ᠵᠠᠷᠢᠮ ᠠᠵᠢᠯ ᠲᠠᠢ ᠠᠶᠢᠯᠴᠢᠯᠠᠯ ᠤᠨ ᠦᠶ᠎ᠡ ᠪᠡᠷ ᠲᠠᠨᠢᠯᠴᠠᠬᠤ ᠶᠤᠮ᠃ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ 2018 ᠣᠨ ᠤ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ  ᠲᠤ ᠬᠢᠭᠰᠡᠨ ᠠᠶᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠬᠣᠶᠠᠷ ᠣᠷᠣᠨ ᠤ ᠢᠷᠭᠡᠳ ᠠᠯᠤᠰ ᠲᠤ ᠪᠠᠨ ᠸᠢᠽ  ᠦᠭᠡᠢ ᠵᠣᠷᠴᠢᠬᠤ ᠵᠣᠷᠢᠯᠲᠠ ᠶᠢᠨ ᠬᠦᠷᠢᠶᠡᠨ ᠳᠦ ᠡᠬᠢᠨ ᠦ ᠡᠭᠡᠯᠵᠢᠨ ᠳᠦ ᠣᠯᠠᠨ ᠤᠳᠠᠭ᠎ᠠ ᠶᠢᠨ ᠸᠢᠽ ᠣᠯᠭᠣᠯᠲᠠ ᠶᠢ ᠥᠷᠭᠡᠵᠢᠭᠦᠯᠬᠦ ᠪᠡᠷ ᠪᠣᠯᠤᠭᠰᠠᠨ᠃  ᠡᠨᠡ ᠠᠵᠢᠯ ᠤᠨ ᠬᠡᠷᠡᠭᠵᠢᠯᠲᠡ ᠶᠢ ᠬᠡᠷᠬᠢᠨ ᠬᠠᠩᠭᠠᠵᠤ ᠪᠤᠢ ᠲᠠᠯ᠎ᠠ ᠪᠠᠷ  ᠪᠠᠰᠠ ᠶᠠᠷᠢᠬᠤ ᠪᠠᠷ ᠪᠠᠶᠢᠨ᠎ᠠ᠃

ᠰᠡᠳᠬᠢᠭᠳᠡᠯ ᠦᠯᠡᠳᠡᠭᠡᠬᠦ