ᠤᠪᠰᠤ ᠠᠶᠢᠮᠠᠭ ᠤᠨ ᠪᠠᠷᠠᠭᠤᠨ ᠲᠤᠷᠤᠭᠤᠨ ᠰᠤᠮᠤ ᠶᠢᠨ ᠬᠠᠷᠢᠶᠠᠲᠤ᠂ ᠤᠯᠤᠰ ᠤᠨ ᠨᠠᠴᠢᠨ ᠪ∙ ᠡᠷᠳᠡᠨᠢᠪᠢᠯᠢᠭ ᠦᠨ ᠨᠡᠷᠡᠮᠵᠢᠲᠦ ᠠᠶᠢᠮᠠᠭ᠂ ᠴᠡᠷᠢᠭ ᠦᠨ ᠴᠣᠯᠠ ᠲᠠᠢ ᠪᠣᠯᠤᠨ ᠵᠠᠯᠠᠭᠤ ᠪᠥᠬᠡᠴᠦᠳ ᠦᠨ ᠪᠠᠷᠢᠯᠳᠤᠭᠠᠨ ᠪᠥᠬᠡ ᠶᠢᠨ ᠥᠷᠭᠦᠭᠡᠨ ᠳᠦ ᠪᠣᠯᠤᠭᠰᠠᠨ᠃ ᠪ∙ᠡᠷᠳᠡᠨᠢᠪᠢᠯᠢᠭ ᠨᠠᠴᠢᠨ ᠠᠷᠠᠳ ᠤᠨ ᠬᠤᠪᠢᠰᠬᠠᠯ ᠤᠨ 74 ᠵᠢᠯ ᠦᠨ ᠣᠢ᠂ 1995 ᠣᠨ ᠤ ᠤᠯᠤᠰ ᠤᠨ ᠶᠡᠬᠡ ᠪᠠᠶᠠᠷ ᠨᠠᠭᠠᠳᠤᠮ ᠳᠤ ᠳᠠᠷᠬᠠᠨ ᠠᠪᠤᠷᠭᠤ ᠬ∙ᠪᠠᠶᠠᠨᠮᠦ᠋ᠩᠬᠡ ᠪᠡᠷ ᠲᠠᠪᠤ ᠳᠠᠪᠠᠨ ᠰᠢᠪᠦᠭᠡᠷᠡᠵᠦ᠂ ᠮᠣᠩᠭᠣᠯ ᠤᠯᠤᠰ ᠤᠨ ᠨᠠᠴᠢᠨ ᠴᠣᠯᠠ ᠳᠤ ᠬᠦᠷᠦᠭᠰᠡᠨ ᠪᠥᠭᠡᠳ ᠪᠠᠷᠠᠭᠤᠨ ᠲᠤᠷᠤᠭᠤᠨ ᠰᠤᠮᠤ ᠠᠴᠠ ᠤᠯᠤᠰ ᠤᠨ ᠴᠣᠯᠠ ᠬᠦᠷᠲᠡᠭᠰᠡᠨ ᠠᠩᠬᠠᠨ ᠤ ᠪᠥᠬᠡ ᠶᠤᠮ᠃
ᠲᠤᠰ ᠪᠠᠷᠢᠯᠳᠤᠭᠠᠨ ᠤ ᠦᠶ᠎ᠡ ᠪᠡᠷ ᠮᠣᠩᠭᠣᠯ ᠪᠥᠬᠡ ᠶᠢᠨ ᠥᠷᠭᠦᠭᠡᠨ ᠳᠦ ᠮᠣᠩᠭᠣᠯ ᠤᠯᠤᠰ ᠤᠨ ᠠᠪᠤᠷᠭᠤ ᠰᠦᠬᠡᠪᠠᠭᠠᠲᠤᠷ ᠤᠨ ᠮᠥᠩᠬᠡᠪᠠᠲᠤ᠂ ᠤᠯᠤᠰ ᠤᠨ ᠠᠷᠰᠯᠠᠨ ᠪᠠᠲᠤᠵᠢᠷᠭᠠᠯ ᠤᠨ ᠭᠠᠩᠪᠠᠲᠤ᠂ ᠤᠯᠤᠰ ᠤᠨ ᠨᠠᠴᠢᠨ ᠪᠠᠶᠠᠨᠳᠠᠢ ᠶᠢᠨ ᠡᠷᠳᠡᠨᠢᠪᠢᠯᠢᠭ ᠨᠠᠷ ᠤᠨ ᠬᠥᠷᠥᠭ ᠪᠦᠬᠦᠢ ᠬᠡᠪᠢᠰᠦᠨ ᠦ ᠳᠠᠭᠤᠳᠠᠯᠭ᠎ᠠ ᠬᠤᠳᠠᠯᠳᠤᠭ᠎ᠠ ᠪᠣᠯᠬᠤ ᠳᠤ ᠮᠣᠩᠭᠣᠯ ᠤᠯᠤᠰ ᠤᠨ ᠬᠥᠳᠡᠯᠮᠦᠷᠢ ᠶᠢᠨ ᠪᠠᠭᠠᠲᠤᠷ᠂ ᠭᠠᠪᠢᠶᠠᠲᠤ ᠲᠠᠮᠢᠷᠴᠢᠨ ᠳᠣᠷᠵᠢᠰᠦ᠋ᠷᠦᠩ ᠦᠨ ᠰᠤᠮᠢᠶ᠎ᠠ 1.5 ᠰᠠᠶ᠎ᠠ ᠲᠥᠭᠥᠷᠢᠭ ᠢᠶᠡᠷ ᠬᠤᠳᠠᠯᠳᠤᠨ ᠠᠪᠴᠦ ᠂ ᠨᠤᠲᠤᠭ ᠤᠨ ᠢᠶᠠᠨ ᠤᠳᠤᠷᠢᠳᠤᠯᠭ᠎ᠠ ᠨᠤᠭᠤᠳ ᠲᠤ ᠪᠡᠯᠡᠭᠯᠡᠭᠰᠡᠨ ᠪᠠᠶᠢᠨ᠎ᠠ᠃