ᠤᠯᠤᠰ ᠤᠨ ᠹᠢᠯᠠᠷᠮᠣᠨᠢ ᠶᠢᠨ ︽ᠪᠠᠶᠠᠨᠮᠤᠩᠭᠤᠯ︾ ᠴᠢᠭᠤᠯᠭ᠎ᠠ ᠪᠠᠶᠢᠭᠤᠯᠤᠭᠳᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ᠂ ᠲᠤᠰ ᠴᠢᠭᠤᠯᠭ᠎ᠠ ᠶᠢᠨ ᠵᠠᠽᠽ ᠨᠠᠶᠢᠷᠠᠯ ᠬᠥᠭᠵᠢᠮ ᠦᠨ ᠵᠢᠮᠰᠡᠭ ᠢ ᠰᠢᠨᠡᠴᠢᠯᠡᠬᠦ ᠳᠦ ᠱᠠᠭᠠᠷᠳᠠᠭᠳᠠᠬᠤ 250 ᠰᠠᠶ᠎ᠠ ᠲᠥᠭᠥᠷᠢᠭ ᠢ ᠶᠡᠷᠦᠩᠬᠡᠢ ᠰᠠᠶᠢᠳ ᠤ᠊∙ᠬᠦᠷᠡᠯᠰᠦ᠋ᠬᠡ ᠭᠠᠷᠳᠠᠭᠤᠯᠤᠨ ᠥᠭᠭᠦᠯ᠎ᠡ᠃ ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠬᠥᠭᠵᠢᠮ ᠦᠨ ᠵᠢᠮᠰᠡᠭ ᠢ ᠰᠢᠨᠡᠴᠢᠯᠡᠬᠦ ᠳᠦ ᠱᠠᠭᠠᠷᠳᠠᠭᠳᠠᠬᠤ ᠲᠥᠰᠥᠪ ᠢ ᠵᠠᠰᠠᠭ ᠤᠨ ᠭᠠᠵᠠᠷ ᠤᠨ ᠨᠥᠭᠡᠴᠡ ᠬᠥᠷᠥᠩᠭᠡ ᠡᠴᠡ ᠭᠠᠷᠭᠠᠬᠤ ᠪᠠᠷ ᠰᠢᠢᠳᠪᠦᠷᠢᠯᠡᠭᠰᠡᠨ ᠶᠤᠮ ᠃
︽ᠪᠠᠶᠠᠨᠮᠤᠩᠭᠤᠯ︾ ᠴᠢᠭᠤᠯᠭ᠎ᠠ 1990 ᠣᠨ ᠠᠴᠠ ᠬᠤᠶᠢᠰᠢ ᠬᠥᠭᠵᠢᠮ ᠦᠨ ᠵᠢᠮᠰᠡᠭ ᠦᠨ ᠰᠢᠨᠡᠴᠢᠯᠡᠯ ᠬᠢᠭᠡ ᠦᠭᠡᠢ ᠪᠠᠶᠢᠨ᠎ᠠ᠃ ᠬᠥᠭᠵᠢᠮ ᠦᠨ ᠵᠢᠮᠰᠡᠭ ᠦᠳ ᠦᠨ ᠳᠡᠶᠢᠯᠦᠩᠬᠢ ᠨᠢ 1980 ᠣᠨ ᠤ ᠦᠶ᠎ᠡ ᠳᠦ ᠭᠠᠳᠠᠭᠠᠳᠤ ᠶᠢᠨ ᠬᠠᠮᠲᠤᠯᠢᠭ ᠤᠳ ᠤᠨ ᠬᠡᠷᠡᠭᠯᠡᠵᠦ ᠪᠠᠶᠢᠭᠰᠠᠨ ᠬᠠᠭᠤᠴᠢᠨ ᠵᠢᠮᠰᠡᠭ ᠪᠣᠯᠤᠨ ᠠᠩᠬᠠᠨ ᠱᠠᠲᠤᠨ ᠤ ᠰᠤᠷᠭᠠᠯᠲᠠ ᠳᠤ ᠵᠣᠷᠢᠭᠤᠯᠤᠭᠰᠠᠨ ᠬᠥᠭᠵᠢᠮ ᠦᠨ ᠵᠢᠮᠰᠡᠭ ᠦᠳ ᠡᠴᠡ ᠪᠦᠷᠢᠳᠳᠡᠭ ᠪᠠᠶᠢᠨ᠎ᠠ᠃ ᠰᠢᠨ᠎ᠡ ᠪᠡᠷ ᠠᠪᠬᠤ ᠬᠥᠭᠵᠢᠮ ᠦᠨ ᠵᠢᠮᠰᠡᠭ ᠦᠳ ᠢ ᠶᠠᠮᠠᠷ ᠴᠤ ᠣᠷᠺᠧᠰᠲ᠋ᠷ ᠤᠨ ᠲᠦᠪᠰᠢᠨ ᠳᠦ ᠲᠣᠭᠯᠠᠬᠤ ᠪᠣᠯᠤᠮᠵᠢ ᠲᠠᠢ ᠠᠴᠠ ᠭᠠᠳᠠᠨ᠎ᠠ ᠬᠥᠭᠵᠢᠮᠴᠢᠳ ᠦᠨ ᠡᠷᠡᠭᠦᠯ ᠮᠡᠨᠳᠦ ᠳᠦ ᠰᠥᠷᠭᠦ ᠨᠥᠯᠥᠭᠡ ᠪᠠᠭ᠎ᠠ ᠲᠠᠢ ᠪᠠᠶᠢᠬᠤ ᠶᠤᠮ ᠪᠠᠶᠢᠨ᠎ᠠ᠃