ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠪᠣᠯᠤᠭᠰᠠᠨ ᠵᠡᠭᠦᠨ ᠠᠽᠢᠶ᠎ᠠ ᠶᠢᠨ ᠵᠢᠦᠳᠣ᠋ ᠪᠥᠬᠡ ᠶᠢᠨ ᠬᠣᠯᠪᠣᠭᠠᠨ ᠤ ᠶᠡᠬᠡ ᠬᠤᠷᠠᠯ ᠢᠶᠠᠷ ᠥᠩᠭᠡᠷᠡᠭᠰᠡᠨ ᠬᠣᠶᠠᠷ ᠵᠢᠯ ᠦᠨ ᠠᠵᠢᠯ ᠤᠨ ᠲᠠᠶᠢᠯᠤᠨ ᠢᠶᠠᠨ ᠬᠡᠯᠡᠯᠴᠡᠵᠡᠢ᠃ ᠤᠭ ᠬᠤᠷᠠᠯ ᠤᠨ ᠦᠶ᠎ᠡ ᠪᠡᠷ ᠳᠡᠳ᠋ ᠶᠡᠷᠦᠩᠬᠡᠶᠢᠯᠡᠭᠴᠢ ᠪᠡᠷ ᠢᠶᠡᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠢ ᠰᠣᠩᠭᠣᠭᠰᠠᠨ ᠪᠠᠶᠢᠨ᠎ᠠ᠃ ᠲᠡᠭᠦᠨ ᠢ ᠳᠥᠷᠪᠡᠳᠦᠭᠡᠷ ᠰᠠᠷ᠎ᠠ ᠶᠢᠨ 18 ᠍ ᠳᠦ ᠪᠣᠯᠤᠭᠰᠠᠨ ᠠᠽᠢᠶ᠎ᠠ ᠶᠢᠨ ᠵᠢᠦᠳᠣ᠋ ᠪᠥᠬᠡ ᠶᠢᠨ ᠬᠣᠯᠪᠣᠭᠠᠨ ᠤ ᠬᠤᠷᠠᠯ ᠤᠨ ᠦᠶ᠎ᠡ ᠪᠡᠷ ᠠᠯᠪᠠᠨ ᠶᠣᠰᠣᠭᠠᠷ ᠲᠣᠮᠢᠯᠠᠵᠠᠢ᠃
ᠽ∙ᠡᠩᠬᠡᠪᠣᠯᠤᠳ ︽ᠲᠤᠤᠺᠢᠤ᠋ 2020︾ ᠤᠯᠢᠮᠫᠢᠺ ᠲᠤ ᠵᠣᠳᠣᠭᠯᠠᠬᠤ ᠮᠣᠩᠭᠣᠯ ᠵᠢᠦᠳᠦᠴᠢᠳ ᠤᠨ ᠪᠠᠭ ᠤᠨ ᠠᠬᠠᠯᠠᠭᠴᠢ ᠪᠠᠷ ᠲᠣᠮᠢᠯᠠᠭᠳᠠᠭᠰᠠᠨ᠃ ᠮᠠᠨ ᠤ ᠤᠯᠤᠰ ᠲᠤ 2020 ᠣᠨ ᠳᠤ ᠤᠯᠢᠮᠫᠢᠺ ᠤᠨ ᠡᠷᠬᠡ ᠣᠯᠭᠣᠬᠤ ᠠᠽᠢᠶ᠎ᠠ ᠶᠢᠨ ᠪᠥᠰᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠬᠤ ᠪᠥᠭᠡᠳ ᠲᠡᠮᠡᠴᠡᠭᠡᠨ ᠢ ᠵᠣᠬᠢᠶᠠᠨ ᠪᠠᠶᠢᠭᠤᠯᠬᠤ ᠬᠣᠷᠢᠶᠠᠨ ᠤ ᠳᠠᠷᠤᠭ᠎ᠠ ᠪᠠᠷ ᠽ∙ᠡᠩᠬᠡᠪᠣᠯᠤᠳ ᠠᠵᠢᠯᠯᠠᠬᠤ ᠶᠤᠮ ᠪᠠᠶᠢᠨ᠎ᠠ᠃