ᠶᠡᠷᠦᠩᠬᠡᠢ ᠰᠠᠶᠢᠳ ᠠᠰᠠᠨ ᠨ∙ᠠᠯᠲᠠᠨᠬᠤᠶᠠᠭ ᠢ ᠠᠷᠠᠳᠴᠢᠯᠠᠭᠰᠠᠨ ᠨᠠᠮ ᠤᠨ ᠭᠡᠰᠢᠭᠦᠨᠴᠢᠯᠡᠯ ᠡᠴᠡ ᠬᠠᠰᠤᠭᠰᠠᠨ ᠪᠠᠶᠢᠨ᠎ᠠ᠃ ᠡᠨᠡ ᠲᠠᠯ᠎ᠠ ᠪᠠᠷ ᠨᠠᠮ ᠤᠨ ᠬᠢᠨ ᠭᠡᠰᠢᠭᠦᠳ ︽ᠠᠷᠠᠳᠴᠢᠯᠠᠭᠰᠠᠨ ᠨᠠᠮ ᠤᠨ ᠦᠨᠳᠦᠰᠦᠨ ᠳᠦᠷᠢᠮ ᠢ ᠨᠣᠴᠢᠲᠠᠢ ᠵᠥᠷᠢᠴᠡᠭᠰᠡᠨ᠂ ᠨᠠᠮ ᠳᠤ ᠣᠯᠠᠨ ᠲᠡᠷᠪᠤᠮ ᠲᠥᠭᠥᠷᠢᠭ ᠦᠨ ᠬᠣᠬᠢᠷᠠᠯ ᠤᠴᠠᠷᠠᠭᠤᠯᠤᠭᠰᠠᠨ᠂ ᠨᠠᠮ ᠤᠨ ᠪᠠᠶᠢᠷᠢ ᠡᠳ᠋ ᠬᠥᠷᠥᠩᠭᠡ ᠶᠢ ᠵᠠᠷᠤᠵᠤ ᠦᠭᠡᠶᠢᠬᠢᠭᠰᠡᠨ ᠨ∙ᠠᠯᠲᠠᠨᠬᠤᠶᠠᠭ ᠢ ᠠᠷᠠᠳᠴᠢᠯᠠᠭᠰᠠᠨ ᠨᠠᠮ ᠤᠨ ᠭᠡᠰᠢᠭᠦᠨ ᠡᠴᠡ ᠬᠠᠰᠤᠬᠤ ᠰᠢᠢᠳᠪᠦᠷᠢ ᠶᠢ ᠰᠣᠩᠭᠢᠨ᠎ᠠ ᠬᠠᠶᠢᠷᠬᠠᠨ ᠳᠡᠭᠦᠷᠭᠡ ᠶᠢᠨ ᠨᠠᠮ ᠤᠨ ᠬᠣᠷᠢᠶᠠᠨ ᠠᠴᠠ ᠭᠠᠷᠭᠠᠭᠰᠠᠨ ︾ ᠭᠡᠵᠦ ᠮᠡᠳᠡᠭᠡᠯᠡᠵᠡᠢ᠃ ᠠᠷᠠᠳᠴᠢᠯᠠᠭᠰᠠᠨ ᠨᠠᠮ ᠤᠨ ᠳᠦᠷᠢᠮ ᠦᠨ ᠳᠠᠭᠠᠤ ᠨᠠᠮ ᠤᠨ ᠭᠡᠰᠢᠭᠦᠨ ᠢ ᠲᠦᠳᠡᠭᠡᠯᠵᠡᠭᠦᠯᠬᠦ ᠳᠦ ᠪᠡᠨ ᠠᠩᠬᠠᠨ ᠤ ᠱᠠᠲᠤᠨ ᠤ ᠨᠢᠭᠡᠴᠡ ᠡᠴᠡ ᠨᠢ ᠰᠢᠢᠳᠪᠦᠷᠢ ᠭᠠᠷᠭᠠᠳᠠᠭ ᠪᠢᠯᠡ᠃