ᠬᠥᠪᠰᠥᠭᠥᠯ ᠠᠶᠢᠮᠠᠭ ᠤᠨ ᠠᠬᠠᠮᠠᠳ ᠰᠢᠲᠠᠷᠠᠴᠢᠨ ᠪ∙ᠮᠢᠭᠮᠠᠷᠰᠦ᠋ᠷᠦᠩ ᠭᠷᠸᠭ ᠤᠯᠤᠰ ᠤᠨ ᠷᠣᠳᠧᠰ ᠬᠤᠲᠠ ᠳᠤ ᠡᠨᠡ ᠰᠠᠷ᠎ᠠ ᠶᠢᠨ 25 ᠬᠦᠷᠲᠡᠯ᠎ᠡ 12 ᠬᠣᠨᠣᠭ ᠦᠷᠭᠦᠯᠵᠢᠯᠡᠭᠰᠡᠨ ᠰᠢᠲᠠᠷ᠎ᠠ ᠶᠢᠨ ᠠᠬᠠᠮᠠᠳ ᠤᠨ ᠲᠡᠮᠡᠴᠡᠭᠡᠨ ᠳᠦ ᠠᠮᠵᠢᠯᠲᠠᠲᠠᠢ ᠣᠷᠣᠯᠴᠠᠨ ᠠᠯᠲᠠᠨ ᠮᠧᠳᠠᠯ ᠬᠦᠷᠲᠡᠵᠦ ᠂ ᠳᠡᠯᠡᠬᠡᠢ ᠶᠢᠨ ᠬᠣᠱᠣᠢ ᠠᠪᠤᠷᠭᠤ ᠪᠣᠯᠵᠠᠢ᠃ ᠲᠡᠷᠡ ᠪᠡᠷ ᠥᠩᠭᠡᠷᠡᠭᠰᠡᠨ ᠣᠨ ᠳᠤ ᠭᠧᠷᠮᠠᠨ ᠳᠦ ᠪᠣᠯᠤᠭᠰᠠᠨ ᠳᠡᠯᠡᠬᠡᠢ ᠶᠢᠨ ᠠᠬᠠᠮᠠᠳ ᠤᠨ ᠪᠠᠭ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ 65 ᠠᠴᠠ ᠳᠡᠭᠡᠭᠰᠢ ᠨᠠᠰᠤᠨ ᠤ ᠡᠮᠡᠭᠲᠡᠢ ᠪᠠᠭ ᠤᠨ ᠲᠥᠷᠥᠯ ᠳᠦ ᠮᠣᠩᠭᠣᠯ ᠤᠯᠤᠰ ᠤᠨ ᠠᠬᠠᠮᠠᠳ ᠰᠢᠲᠠᠷᠠᠴᠢᠳ ᠲᠠᠢ ᠬᠠᠮᠲᠤᠷᠠᠨ ᠨᠢᠭᠡ ᠪᠠᠭ ᠪᠣᠯᠤᠨ ᠣᠷᠣᠯᠴᠠᠨ ᠲᠡᠷᠢᠭᠦᠯᠡᠵᠦ ᠂ ᠬᠥᠪᠰᠥᠭᠥᠯ ᠠᠶᠢᠮᠠᠭ ᠤᠨ ᠠᠩᠬᠠᠨ ᠤ ᠰᠢᠲᠠᠷ᠎ᠠ ᠶᠢᠨ ᠳᠡᠯᠡᠬᠡᠢ ᠶᠢᠨ ᠠᠪᠤᠷᠭᠤ ᠪᠣᠯᠵᠤ ᠪᠠᠶᠢᠪᠠ᠃
ᠪ∙ᠮᠢᠭᠮᠠᠷᠰᠦ᠋ᠷᠦᠩ ᠪᠠᠭ᠎ᠠ ᠨᠠᠰᠤᠨ ᠠᠴᠠ ᠪᠠᠨ ᠡᠬᠢᠯᠡᠨ ᠰᠢᠲᠠᠷ᠎ᠠ ᠶᠢᠨ ᠰᠫᠣᠷᠲ ᠢ ᠰᠣᠨᠢᠷᠬᠠᠨ 10 ᠨᠠᠰᠤᠲᠠᠢ ᠳᠤ ᠪᠠᠨ ᠠᠪᠤ ᠠᠴᠠ ᠪᠠᠨ ᠠᠩᠬ᠎ᠠ ᠰᠢᠲᠠᠷ᠎ᠠ ᠰᠤᠷᠤᠭᠰᠠᠨ ᠪᠠᠶᠢᠨ᠎ᠠ᠃ ᠲᠡᠷᠡ ᠪᠡᠷ ᠮᠣᠩᠭᠣᠯ ᠬᠡᠯᠡ ᠪᠢᠴᠢᠭ ᠦᠨ ᠪᠠᠭᠰᠢ ᠮᠡᠷᠭᠡᠵᠢᠯ ᠲᠡᠢ ᠪᠣᠯᠪᠠᠴᠤ 43 ᠵᠢᠯ ᠮᠡᠷᠭᠡᠵᠢᠯ ᠢᠶᠡᠷ ᠢᠶᠡᠨ ᠠᠵᠢᠯᠯᠠᠬᠤ ᠳᠤ ᠪᠠᠨ ᠰᠢᠲᠠᠷ᠎ᠠ ᠶᠢᠨ ᠬᠢᠴᠢᠶᠡᠯ ᠢ ᠶᠡᠬᠡ-ᠠᠭᠤᠯᠠ᠂ ᠮᠥᠷᠡᠨ᠂ ᠬᠠᠳᠬᠠᠯ ᠲᠣᠰᠬᠣᠨ ᠤ ᠰᠤᠷᠤᠭᠴᠢᠳ ᠲᠤ ᠬᠣᠣᠰᠯᠠᠭᠤᠯᠤᠨ ᠵᠢᠭᠠᠵᠤ ᠣᠯᠠᠨ ᠮᠢᠩᠭᠠᠨ ᠱᠠᠪᠢ ᠨᠠᠷ ᠢ ᠲᠥᠷᠦᠭᠦᠯᠵᠡᠢ᠃ ᠡᠨᠡ ᠬᠤᠭᠤᠴᠠᠭᠠᠨ ᠳᠤ ᠣᠯᠠᠨ ᠲᠡᠮᠡᠴᠡᠭᠡᠨ ᠨᠠᠭᠠᠳᠤᠮ ᠳᠤ ᠣᠷᠣᠯᠴᠠᠵᠤ ᠬᠥᠪᠰᠥᠭᠥᠯ ᠠᠶᠢᠮᠠᠭ ᠲᠤ ᠪᠠᠨ ᠲᠠᠰᠤᠷᠠᠯᠲᠠ ᠦᠭᠡᠢ 43 ᠵᠢᠯ ᠲᠦᠷᠦᠭᠦᠯᠡᠭᠰᠡᠨ ᠬᠣᠶᠢᠮᠣᠷ ᠨᠤᠲᠤᠭ ᠤᠨ ᠬᠢᠨ ᠤ ᠪᠠᠬᠠᠷᠬᠠᠯ ᠪᠣᠯᠤᠭᠰᠠᠨ ᠰᠢᠲᠠᠷᠠᠴᠢᠨ ᠠᠵᠡᠢ᠃