ᠺᠢᠨᠣ᠋ ᠫᠷᠣᠳᠢᠰᠧᠷ ᠳ∙ᠠᠩᠭᠠᠷᠠᠭ ᠠᠮᠧᠷᠢᠺᠠ ᠳ᠋ᠡᠬᠢ ᠮᠣᠩᠭᠣᠯ ᠤᠯᠤᠰ ᠤᠨ ᠰᠤᠶᠤᠯ ᠤᠨ ᠡᠯᠴᠢ ᠪᠡᠷ ᠲᠣᠮᠢᠯᠠᠭᠳᠠᠵᠠᠢ᠃ ᠠᠮᠧᠷᠢᠺᠠ ᠳᠦ ᠰᠠᠭᠤᠭ᠎ᠠ ᠡᠯᠴᠢᠨ ᠰᠠᠶᠢᠳ ᠶᠣ᠊∙ᠣᠳᠬᠣᠨᠪᠠᠶᠠᠷ ᠸᠠᠰᠢᠩᠲ᠋ᠣᠨ ᠬᠣᠲᠠ ᠳ᠋ᠡᠬᠢ ᠳᠡᠯᠡᠬᠡᠢ ᠶᠢᠨ ᠪᠠᠩᠬᠢᠨ ᠤ ᠪᠠᠶᠢᠷᠢᠨ ᠳᠤ ᠪᠣᠯᠤᠭᠰᠠᠨ ︽ᠮᠣᠩᠭᠣᠯ ᠤᠨ ᠥᠪ ᠦᠨ ᠡᠳᠦᠷ ᠦᠳ︾ ᠠᠷᠭ᠎ᠠ ᠬᠡᠮᠵᠢᠶᠡᠨ ᠦ ᠨᠡᠭᠡᠭᠡᠯᠲᠡ ᠶᠢᠨ ᠦᠶ᠎ᠡ ᠪᠡᠷ ᠳ∙ᠠᠩᠭᠠᠷᠠᠭ ᠲᠤ ᠮᠣᠩᠭᠣᠯ ᠤᠯᠤᠰ ᠤᠨ ᠰᠤᠶᠤᠯ ᠤᠨ ᠡᠯᠴᠢ ᠶᠢᠨ ᠭᠡᠷᠡᠴᠢᠯᠡᠭᠡ ᠭᠠᠷᠳᠠᠭᠤᠯᠤᠭᠰᠠᠨ ᠪᠠᠶᠢᠨ᠎ᠠ᠃
ᠠᠮᠧᠷᠢᠺᠠ ᠶᠢᠨ ᠺᠢᠨᠣ᠋ ᠵᠢᠷᠤᠭᠯᠠᠭᠠᠴᠢᠳ ᠤᠨ ᠬᠣᠯᠪᠣᠭᠠᠨ ᠳᠤ ᠠᠵᠢᠯᠯᠠᠳᠠᠭ ᠳ∙ᠠᠩᠭᠠᠷᠠᠭ ᠨᠢ 2000 ᠣᠨ ᠠᠴᠠ ᠬᠣᠶᠢᠰᠢ ᠮᠣᠩᠭᠣᠯ ᠤᠨ ᠺᠢᠨᠣ᠋ ᠤᠷᠠᠯᠢᠭ ᠤᠨ ᠰᠠᠯᠪᠤᠷᠢ ᠳᠤ ᠢᠳᠡᠪᠬᠢᠲᠡᠢ ᠠᠵᠢᠯᠯᠠᠵᠤ ᠪᠠᠶᠢᠭ᠎ᠠ ᠪᠥᠭᠡᠳ ︽ᠴᠢᠩᠭᠢᠰ ᠦᠨ ᠬᠡᠦᠬᠡᠳ ᠦᠳ︾ ᠺᠢᠨᠣ᠋ ᠪᠦᠲᠦᠭᠡᠭᠰᠡᠨ ᠢᠶᠡᠷ ᠢᠶᠡᠨ ᠤᠯᠠᠨ ᠳᠤ ᠲᠠᠨᠢᠭᠳᠠᠭᠰᠠᠨ᠃ ᠲᠡᠷᠡ ᠪᠡᠷ ᠮᠣᠩᠭᠣᠯ ᠤᠯᠤᠰ ᠤᠨ ᠰᠤᠶᠤᠯ ᠤᠷᠠᠯᠢᠭ ᠢ ᠳᠡᠯᠡᠬᠡᠢ ᠳᠠᠬᠢᠨ ᠳᠤ ᠰᠤᠷᠲᠠᠯᠴᠢᠯᠠᠨ ᠲᠠᠨᠢᠭᠤᠯᠬᠤ᠂ ᠠᠮᠧᠷᠢᠺᠠ ᠳᠦ ᠮᠣᠩᠭᠣᠯ ᠤᠨ ᠺᠢᠨᠣ᠋ ᠡᠳᠦᠷᠯᠢᠭ᠂ ᠰᠤᠷᠭᠠᠯᠲᠠ᠂ ᠰᠧᠮᠢᠨᠠᠷ ᠵᠣᠬᠢᠶᠠᠨ ᠪᠠᠶᠢᠭᠤᠯᠬᠤ᠂ ᠲᠥᠰᠥᠯ ᠬᠡᠷᠡᠭᠵᠢᠭᠦᠯᠬᠦ᠂ ᠦᠵᠡᠰᠬᠦᠯᠡᠩ ᠭᠠᠷᠭᠠᠬᠤ᠂ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃