《ᠺᠠᠲ᠋ᠠᠷ 2020 》 ᠬᠥᠯ ᠪᠥᠮᠪᠥᠭᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ ᠲᠤᠭᠯᠠᠯᠲᠠ ᠳᠤ ᠪᠡᠯᠡᠳᠬᠡᠵᠦ ᠪᠤᠢ ᠮᠣᠩᠭᠣᠯ ᠤᠯᠤᠰ ᠤᠨ ᠰᠢᠭᠰᠢᠭᠡ ᠪᠠᠭ 05.21 ᠠᠴᠠ ᠲᠠᠶᠢᠯᠠᠨᠳ᠋ ᠲᠤ ᠪᠡᠯᠡᠳᠬᠡᠯ ᠬᠢᠵᠦ ᠡᠬᠢᠯᠡᠯ᠎ᠡ᠃ ᠭᠧᠷᠮᠠᠨ ᠮᠡᠷᠭᠡᠵᠢᠯᠲᠡᠨ ᠳᠠᠰᠬᠠᠯᠵᠢᠭᠤᠯᠤᠭᠴᠢ ᠲᠠᠢ ᠮᠣᠩᠭᠣᠯ ᠤᠯᠤᠰ ᠤᠨ ᠪᠠᠭ10 ᠡᠳᠦᠷ ᠦᠨ ᠪᠡᠯᠡᠳᠬᠡᠯ ᠬᠢᠬᠦ ᠶᠤᠮ᠃ ︽ᠲᠠᠯ᠎ᠠ ᠶᠢᠨ ᠬᠥᠬᠡ ᠴᠢᠨᠤᠸ᠎ᠠ ᠨᠤᠭᠤᠳ ︾ ᠨᠡᠷ᠎ᠡ ᠲᠡᠢ ᠮᠣᠩᠭᠣᠯ ᠤᠨ ᠪᠠᠭ ᠥᠪᠡᠷ ᠦᠨ ᠲᠠᠯᠠᠪᠠᠢ ᠳᠤ ᠪᠠᠨ ᠵᠢᠷᠭᠤᠳᠤᠭᠠᠷ ᠰᠠᠷ᠎ᠠ ᠶᠢᠨ 6 ᠍ ᠤ ᠡᠳᠦᠷ ᠪᠷᠦᠨᠧᠢ ᠤᠯᠤᠰ ᠤᠨ ᠰᠢᠭᠰᠢᠭᠡ ᠪᠠᠭ ᠲᠠᠢ ᠡᠬᠢᠨ ᠦ ᠲᠣᠭᠯᠠᠯᠲᠠ ᠪᠠᠨ ᠬᠢᠨ᠎ᠡ᠃ ᠬᠠᠷᠢᠨ ᠬᠠᠷᠢᠭᠤ ᠲᠣᠭᠯᠠᠯᠲᠠ ᠵᠢᠷᠭᠤᠳᠤᠭᠠᠷ ᠰᠠᠷ᠎ᠠ ᠶᠢᠨ 11 ᠳᠦ ᠪᠷᠦᠨᠧᠢ ᠶᠢᠨ ᠲᠠᠯᠠᠪᠠᠢ ᠳᠤ ᠪᠣᠯᠵᠤ᠂ ᠬᠣᠶᠠᠷ ᠲᠣᠭᠯᠠᠯᠲᠠ ᠶᠢᠨ ᠨᠡᠶᠢᠯᠡᠪᠦᠷᠢ ᠳ᠋ᠦᠩ ᠢᠶᠡᠷ ᠲᠡᠷᠢᠭᠦᠯᠡᠭᠰᠡᠨ ᠪᠠᠭ ᠳᠠᠷᠠᠭ᠎ᠠ ᠶᠢᠨ ᠱᠠᠲᠤᠨ ᠳᠤ ᠦᠷᠢᠰᠦᠯᠳᠦᠬᠦ ᠶᠤᠮ᠃
ᠳᠥᠷᠪᠡᠨ ᠵᠢᠯ ᠳᠦ ᠨᠢᠭᠡ ᠤᠳᠠᠭ᠎ᠠ ᠪᠣᠯᠳᠠᠭ ᠬᠥᠯ ᠪᠥᠮᠪᠥᠭᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ ᠡᠷᠬᠡ ᠶᠢᠨ ᠲᠥᠯᠦᠭᠡᠬᠢ ᠲᠤᠭᠯᠠᠯᠲᠠ ᠳᠤ ᠮᠣᠩᠭᠣᠯ ᠤᠨ ᠰᠢᠭᠰᠢᠭᠡ ᠪᠠᠭ ᠲᠤ ᠰᠢᠯᠢᠳᠡᠭ ᠲᠠᠮᠢᠷᠴᠢᠳ ᠳᠠᠭᠤᠳᠠᠭᠳᠠᠭᠰᠠᠨ ᠪᠢᠯᠡ᠃ ᠲᠣᠳᠣᠷᠠᠭᠤᠯᠪᠠᠯ᠂ ᠵᠡᠭᠦᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠨᠢᠭᠡᠳᠦᠭᠡᠷ ᠱᠠᠲᠤ ᠶᠢ ᠳᠠᠪᠠᠬᠤ ᠳᠤ ᠲᠡᠦᠬᠡᠨ ᠭᠤᠤᠯᠢ ᠣᠷᠣᠭᠤᠯᠤᠭᠰᠠᠨ ᠨ∙ᠼᠡᠳᠡᠨᠪᠠᠯ᠂ 2014 ᠣᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ ᠡᠷᠬᠡ ᠶᠢᠨ ᠲᠥᠯᠦᠭᠡᠬᠢ ᠲᠤᠭᠯᠠᠯᠲᠠ ᠳᠤ ᠪᠢᠷᠮᠠ ᠶᠢᠨ ᠬᠠᠭᠠᠯᠭᠠᠨ ᠳᠤ ᠭᠤᠤᠯᠢ ᠣᠷᠣᠭᠤᠯᠤᠭᠰᠠᠨ ᠬ∙ᠴᠡᠩᠳᠤ- ᠠᠶᠤᠰᠢ᠂ ᠮᠦᠨ ᠰ∙ᠭᠠᠩᠬᠤᠶᠠᠭ᠂ ᠪ∙ᠳᠠᠸᠠᠵᠠᠪ ᠨᠠᠷ ᠤᠨ ᠰᠢᠯᠢᠳᠡᠭ ᠲᠣᠭᠯᠠᠭᠴᠢᠳ ᠪᠠᠭ ᠤᠨ ᠪᠦᠷᠢᠯᠳᠦᠬᠦᠨ ᠳᠦ ᠪᠠᠭᠲᠠᠭᠠᠳ ᠪᠠᠶᠢᠨ᠎ᠠ᠃