ᠲᠠᠶᠢᠯᠠᠨᠳ᠋ ᠤᠨ ᠦᠨᠳᠦᠰᠦᠨ ᠦ ᠰᠫᠣᠷᠲ ᠪᠣᠯᠬᠤ ᠮᠤᠶᠢᠲ᠋ᠠᠢ ᠶᠢᠨ ᠰᠫᠣᠷᠲ ᠤᠨ ᠮᠣᠩᠭᠣᠯ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠲᠠᠪᠤᠳᠤᠭᠠᠷ ᠰᠠᠷ᠎ᠠ ᠶᠢᠨ 24 – 26 ᠍ ᠤ ᠡᠳᠦᠷ ᠦᠳ ᠲᠦ ᠦᠨᠳᠦᠰᠦᠨ ᠦ ᠴᠡᠴᠡᠷᠯᠢᠭᠲᠦ ᠬᠦᠷᠢᠶᠡᠯᠡᠩ ᠦᠨ ᠲᠠᠯᠠᠪᠠᠢ ᠳᠤ ᠵᠣᠬᠢᠶᠠᠨ ᠪᠠᠶᠢᠭᠤᠯᠤᠭᠳᠠᠪᠠ᠃ ᠨᠠᠰᠤᠨ ᠳᠤ ᠬᠦᠷᠦᠭᠰᠡᠳ ᠦᠨ ᠲᠡᠮᠡᠴᠡᠭᠡᠨ ᠳᠦ ᠡᠷᠡᠭᠲᠡᠢ ᠨᠠᠢᠮᠠ᠂ ᠡᠮᠡᠭᠲᠡᠢ ᠲᠠᠪᠤᠨ ᠵᠢᠩ ᠳᠦ ᠰᠢᠯᠢᠳᠡᠭ ᠦᠳ ᠢᠶᠡᠨ ᠲᠣᠳᠣᠷᠠᠭᠤᠯᠤᠭᠰᠠᠨ ᠶᠤᠮ ᠃ 2019 ᠣᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠤᠯᠠᠭᠠᠨᠪᠠᠭᠠᠲᠤᠷ ᠬᠣᠲᠠ ᠪᠣᠯᠤᠨ ᠣᠷᠣᠨ ᠨᠤᠲᠤᠭ ᠤᠨ ᠨᠡᠶᠢᠲᠡ 20 ᠺᠯᠦ᠋ᠪ ᠤᠨ 120 ᠲᠠᠮᠢᠷᠴᠢᠨ ᠥᠷᠢᠰᠦᠯᠳᠦᠭᠰᠡᠨ ᠡᠴᠡ ᠣ᠊∙ᠠᠯᠲᠠᠨᠫᠦ᠋ᠷᠪᠦ ᠳᠠᠰᠬᠠᠯᠵᠢᠭᠤᠯᠤᠭᠴᠢ ᠲᠠᠢ ︽ᠮᠢᠰᠢᠶᠡᠯ ᠺᠯᠦ᠋ᠪ︾ ᠲᠦᠷᠦᠭᠦᠯᠡᠵᠦ᠂ ᠰᠢᠯᠵᠢᠨ ᠶᠠᠪᠤᠬᠤ ᠴᠣᠮᠣ ᠬᠦᠷᠲᠡᠵᠡᠢ᠃ ᠮᠥᠨ ᠪ∙ᠪᠠᠲᠤ-ᠠᠮᠤᠭᠤᠯᠠᠩ ᠳᠠᠰᠬᠠᠯᠵᠢᠭᠤᠯᠤᠭᠴᠢ ᠲᠠᠢ ︽ᠰᠢᠷᠢᠨ ᠪᠡᠭᠡᠯᠡᠢ︾᠂ ᠨ᠂ ᠪᠠᠯᠵᠢᠨᠨᠢᠮ᠎ᠠ ᠳᠠᠰᠬᠠᠯᠵᠢᠭᠤᠯᠤᠭᠴᠢ ᠲᠠᠢ ︽ᠮᠠᠨᠳᠤᠯ ᠹᠠᠶᠢᠲ︾ ᠺᠯᠦ᠋ᠪ ᠦᠳ ᠬᠣᠶᠠᠷ᠂ ᠭᠤᠷᠪᠠᠳᠤᠭᠠᠷ ᠪᠠᠶᠢᠷᠢ ᠶᠢ ᠡᠵᠡᠯᠡᠭᠰᠡᠨ ᠪᠠᠶᠢᠨ᠎ᠠ ᠃
ᠡᠨᠡ ᠵᠢᠯ ᠦᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠲᠦᠷᠦᠭᠦᠯᠡᠭᠰᠡᠨ ︽ᠮᠢᠰᠢᠶᠡᠯ︾ ᠺᠯᠦ᠋ᠪ 14 ᠳ᠋ᠡᠬᠢ ᠤᠳᠠᠭ᠎ᠠ ᠠᠪᠤᠷᠭᠤ ᠶᠢᠨ ᠴᠣᠮᠣ ᠶᠢ ᠡᠷᠭᠦᠵᠦ ᠪᠠᠶᠢᠭ᠎ᠠ ᠠᠵᠠᠢ᠃ ᠲᠡᠮᠡᠴᠡᠭᠡᠨ ᠡᠴᠡ ᠰᠢᠯᠭᠠᠷᠠᠭᠰᠠᠨ ᠰᠢᠯᠢᠳᠡᠭ ᠲᠠᠮᠢᠷᠴᠢᠳ ᠢᠶᠠᠷ ᠦᠨᠳᠦᠰᠦᠨ ᠦ ᠪᠠᠭ ᠢ ᠪᠦᠷᠢᠳᠦᠭᠦᠯᠦᠨ᠂ ᠣᠯᠠᠨ ᠤᠯᠤᠰ ᠤᠨ ᠲᠡᠮᠡᠴᠡᠭᠡᠨ ᠳᠦ ᠣᠷᠤᠯᠴᠠᠭᠤᠯᠬᠤ ᠪᠠᠷ ᠪᠣᠯᠤᠭᠰᠠᠨ ᠢ ᠮᠣᠩᠭᠣᠯ ᠤᠨ ᠮᠠᠶᠢᠲᠠᠢ ᠶᠢᠨ ᠰᠫᠣᠷᠲ ᠤᠨ ᠬᠣᠯᠪᠣᠭᠠᠨ ᠠᠴᠠ ᠮᠡᠳᠡᠭᠡᠯᠡᠯ᠎ᠡ᠃ ᠰᠠᠨᠠᠭᠤᠯᠬᠤ ᠳᠤ᠂ ᠮᠤᠶᠢᠲ᠋ᠠᠢ ᠶᠢᠨ ᠰᠫᠣᠷᠲ ᠤᠨ ᠨᠠᠰᠤᠨ ᠳᠤ ᠬᠦᠷᠦᠭᠰᠡᠳ ᠦᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢᠷᠡᠬᠦ ᠳᠣᠯᠣᠳᠤᠭᠠᠷ ᠰᠠᠷ᠎ᠠ ᠳᠤ ᠲᠠᠶᠢᠯᠠᠨᠳ᠋ ᠤᠨ ᠪᠠᠩᠺᠤᠺ ᠲᠤ ᠪᠣᠯᠬᠤ ᠪᠣᠯ ᠵᠡᠭᠦᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠨᠠᠢᠮᠠᠳᠤᠭᠠᠷ ᠰᠠᠷ᠎ᠠ ᠳᠤ ᠬᠤᠩᠺᠤᠩ ᠳᠤ ᠪᠣᠯᠬᠤ ᠬᠤᠪᠢᠶᠠᠷᠢ ᠲᠠᠢ ᠪᠠᠶᠢᠨ᠎ᠠ᠃