ᠮᠣᠩᠭᠣᠯ ᠤᠯᠤᠰ ᠤᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠶᠢᠨ ᠤᠷᠢᠯᠭ᠎ᠠ ᠪᠠᠷ᠂ ᠣᠷᠣᠰ ᠤᠨ ᠳᠣᠷᠣᠨᠠᠲᠤ ᠶᠢᠨ ᠴᠡᠷᠢᠭ ᠦᠨ ᠲᠣᠭᠣᠷᠢᠭ ᠤᠨ ᠺᠣᠮᠠᠨᠳᠠᠯᠠᠭᠴᠢ ᠭ∙ᠸ∙ᠵᠢᠳ᠋ᠺᠤ᠂ ᠱᠲ᠋ᠠᠪ ᠤᠨ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠠ᠊∙ᠨ∙ᠭᠠᠯᠤᠨᠠᠪ᠂ ᠬᠤᠷᠠᠩᠳᠠ ᠠ᠊∙ᠫ∙ᠯᠢᠲ᠋ᠸᠢᠨᠧᠩᠺᠣ ᠪᠣᠯᠤᠨ ᠠᠯᠪᠠᠨ ᠤ ᠬᠢᠨ ᠮᠠᠨ ᠤ ᠤᠯᠤᠰ ᠲᠤ ᠠᠶᠢᠯᠴᠢᠯᠠᠵᠤ ᠪᠠᠶᠢᠨ᠎ᠠ᠃
ᠥᠨᠥᠳᠥᠷ ᠮᠣᠩᠭᠣᠯ ᠤᠯᠤᠰ ᠤᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠬᠣᠰᠢᠭᠤᠴᠢ ᠭᠧᠨᠧᠷᠠᠯ ᠠ᠊∙ᠭᠠᠩᠪᠠᠲᠤ ᠲᠡᠳᠡᠨ ᠢ ᠤᠭᠲᠤᠨ ᠠᠪᠴᠤ᠂ ᠬᠦᠨᠳᠦᠳᠬᠡᠯ ᠢᠯᠡᠷᠬᠡᠶᠢᠯᠡᠭᠰᠡᠨ ᠲᠡᠳᠦᠢ ᠦᠭᠡᠢ᠂ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠣᠷᠣᠰ ᠵᠤᠴᠢᠳ ᠢ ᠬᠦᠯᠢᠶᠡᠨ ᠠᠪᠴᠤ ᠠᠭᠤᠯᠵᠠᠯ᠎ᠠ᠃ ᠮᠠᠨ ᠤ ᠬᠣᠶᠠᠷ ᠣᠷᠣᠨ ᠤ ᠴᠡᠷᠢᠭ ᠦᠨ ᠬᠠᠷᠢᠯᠴᠠᠭ᠎ᠠ ᠠᠮᠵᠢᠯᠲᠠ ᠲᠠᠢ ᠬᠥᠭᠵᠢᠵᠦ ᠪᠠᠶᠢᠭ᠎ᠠ ᠪᠥᠭᠡᠳ ᠡᠭᠦᠨ ᠳᠦ ᠣᠷᠣᠰ ᠤᠨ ᠴᠡᠷᠢᠭ ᠦᠨ ᠤᠳᠤᠷᠢᠳᠤᠯᠭ᠎ᠠ ᠶᠡᠬᠡᠬᠡᠨ ᠠᠩᠬᠠᠷᠴᠤ᠂ ᠳᠡᠮᠵᠢᠵᠦ ᠢᠷᠡᠭᠰᠡᠨ ᠳᠦ ᠲᠠᠯᠠᠷᠬᠠᠵᠤ ᠪᠤᠢ ᠪᠠᠨ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠠᠭᠤᠯᠵᠠᠯᠲᠠ ᠶᠢᠨ ᠡᠬᠢᠨ ᠳᠦ ᠣᠨᠴᠠᠯᠠᠪᠠ᠃ ᠲᠡᠷᠡᠪᠡᠷ᠂ ᠡᠨᠡ ᠬᠠᠷᠢᠯᠴᠠᠭᠠᠨ ᠳᠤ ᠮᠠᠨ ᠤ ᠵᠡᠪᠰᠡᠭᠲᠦ ᠬᠦᠴᠦᠨ ᠦ ᠣᠷᠣᠰ ᠤᠨ ᠪᠥᠰᠡ ᠨᠤᠲᠤᠭ ᠤᠨ ᠴᠡᠷᠢᠭ ᠦᠨ ᠵᠠᠬᠢᠷᠭᠠᠨ ᠤ ᠨᠢᠭᠡᠴᠡ ᠪᠣᠯᠬᠤ ᠴᠡᠷᠢᠭ ᠦᠨ ᠲᠣᠭᠣᠷᠢᠭ ᠲᠠᠢ ᠲᠣᠭᠲᠠᠭᠠᠭᠰᠠᠨ ᠬᠠᠮᠲᠤ ᠶᠢᠨ ᠠᠵᠢᠯᠯᠠᠭ᠎ᠠ ᠴᠢᠬᠤᠯᠠ ᠪᠠᠶᠢᠷᠢ ᠡᠵᠡᠯᠡᠳᠡᠭ᠃ ᠪᠢᠳᠡ ᠥᠩᠭᠡᠷᠡᠭᠰᠡᠨ ᠵᠠᠭᠤᠨ ᠤ 30 ᠍ ᠊ᠭᠠᠳ ᠣᠨ ᠠᠴᠠ ᠲᠡᠷᠡ ᠦᠶ᠎ᠡ ᠶᠢᠨ ᠡᠪᠦᠷ ᠪᠠᠶᠢᠭᠠᠯᠢ ᠶᠢᠨ ᠴᠡᠷᠢᠭ ᠦᠨ ᠲᠣᠭᠣᠷᠢᠭ ᠲᠠᠢ᠂ ᠬᠣᠵᠢᠮ ᠨᠢ ᠰᠢᠪᠸᠷᠢᠶ᠎ᠠ ᠶᠢᠨ ᠴᠡᠷᠢᠭ ᠦᠨ ᠲᠣᠭᠣᠷᠢᠭ ᠲᠠᠢ ᠬᠠᠷᠢᠯᠴᠠᠵᠤ ᠪᠠᠶᠢᠭᠰᠠᠨ ᠤᠯᠠᠮᠵᠢᠯᠠᠯ ᠲᠠᠢ ᠬᠡᠮᠡᠪᠡ᠃
ᠬᠤᠷᠠᠨᠳᠠ ᠭᠧᠨᠧᠷᠠᠯ ᠭ∙ᠸ∙ᠵᠢᠳ᠋ᠺᠤ ᠄ ᠮᠠᠨ ᠤ ᠤᠯᠤᠰ ᠤᠨ ᠵᠠᠪᠰᠡᠭᠲᠦ ᠬᠦᠴᠦᠨ ᠡᠴᠡ ᠳᠡᠮᠵᠢᠵᠦ ᠪᠤᠢ ᠴᠡᠷᠢᠭ ᠲᠧᠭᠨᠢᠭ ᠦᠨ ᠬᠠᠮᠲᠤ ᠶᠢᠨ ᠠᠵᠢᠯᠯᠠᠭᠠᠨ ᠤ ᠲᠤᠰᠠᠯᠠᠮᠵᠢ ᠶᠢᠨ ᠬᠦᠷᠢᠶᠡᠨ ᠳᠦ ᠬᠠᠮᠤᠭ ᠤᠨ ᠲᠣᠳᠣᠷᠬᠠᠢ ᠠᠷᠭ᠎ᠠ ᠬᠡᠮᠵᠢᠶ᠎ᠡ ᠶᠢ ᠳᠡᠭᠡᠷ᠎ᠡ ᠳᠤᠷᠠᠳᠤᠭᠰᠠᠨ ᠴᠡᠷᠢᠭ ᠦᠨ ᠲᠣᠭᠣᠷᠢᠭ ᠲᠠᠢ ᠬᠡᠷᠡᠭᠵᠢᠭᠦᠯᠦᠭᠰᠡᠨ᠃ ᠴᠢᠨᠠᠭᠰᠢᠳᠠ ᠴᠤ ᠬᠠᠮᠲᠤ ᠶᠢᠨ ᠠᠵᠢᠯᠯᠠᠭ᠎ᠠ ᠪᠠᠨ ᠲᠡᠶᠢᠮᠦ ᠠᠷᠭ᠎ᠠ ᠪᠠᠷᠢᠯ ᠢᠶᠠᠷ᠂ ᠦᠷ᠎ᠡ ᠳ᠋ᠦᠩ ᠲᠡᠢ ᠬᠥᠭᠵᠢᠨ᠎ᠡ ᠭᠡᠵᠦ ᠨᠠᠶᠢᠳᠠᠵᠤ ᠪᠠᠶᠢᠨ᠎ᠠ᠃ ᠪᠢᠳᠡ ᠴᠡᠷᠢᠭ ᠦᠨ ᠬᠠᠮᠲᠤ ᠶᠢᠨ ᠠᠵᠢᠯᠯᠠᠭ᠎ᠠ ᠪᠠᠨ ᠬᠥᠭᠵᠢᠭᠦᠯᠬᠦ ᠲᠤᠬᠠᠢ ᠤᠷᠲᠤ ᠬᠤᠭᠤᠴᠠᠭᠠᠨ ᠤ ᠬᠥᠲᠥᠯᠪᠦᠷᠢ ᠲᠡᠢ᠃ ᠡᠨᠡ ᠬᠥᠲᠥᠯᠪᠦᠷᠢ ᠳᠦ ᠲᠤᠰᠬᠠᠭᠰᠠᠨ ᠬᠠᠮᠲᠤ ᠶᠢᠨ ᠠᠵᠢᠯᠯᠠᠭᠠᠨ ᠤ ᠴᠢᠭᠯᠡᠯ ᠦᠳ ᠳᠣᠲᠣᠷ᠎ᠠ ᠮᠠᠨ ᠤ ᠵᠡᠪᠰᠡᠭᠲᠦ ᠬᠦᠴᠦᠨ᠂ ᠲᠠᠨ ᠤ ᠲᠣᠭᠣᠷᠢᠭ ᠤᠨ ᠬᠠᠮᠲᠤ ᠶᠢᠨ ᠠᠵᠢᠯᠯᠠᠭᠠᠨ ᠤ ᠲᠤᠬᠠᠢ ᠲᠣᠳᠣᠷᠬᠠᠢ ᠲᠤᠰᠠᠭᠰᠠᠨ ᠢ ᠬᠡᠷᠡᠭᠵᠢᠭᠦᠯᠵᠦ ᠵᠢᠯ ᠪᠦᠷᠢ ᠶᠢᠨ ᠲᠥᠯᠥᠪᠯᠡᠭᠡ ᠲᠡᠢ ᠠᠵᠢᠯᠯᠠᠬᠤ ᠨᠢ ᠦᠷ᠎ᠡ ᠳ᠋ᠦᠩ ᠲᠡᠢ ᠭᠡᠵᠦ ᠦᠵᠡᠵᠦ ᠪᠤᠢ ᠪᠠᠨ ᠢᠯᠡᠷᠬᠡᠶᠢᠯᠡᠯ᠎ᠡ᠃