ᠬᠢᠲᠠᠳ  ᠢ ᠵᠣᠷᠢᠵᠤ ᠪᠤᠢ ᠢᠷᠭᠡᠳ ᠲᠦ ᠬᠦᠷᠭᠡᠬᠦ ᠰᠡᠷᠡᠮᠵᠢᠭᠦᠯᠦᠯᠭᠡ | News.MN

ᠬᠢᠲᠠᠳ  ᠢ ᠵᠣᠷᠢᠵᠤ ᠪᠤᠢ ᠢᠷᠭᠡᠳ ᠲᠦ ᠬᠦᠷᠭᠡᠬᠦ ᠰᠡᠷᠡᠮᠵᠢᠭᠦᠯᠦᠯᠭᠡ

ᠠᠶᠠᠯᠠᠯ ᠵᠢᠭᠤᠯᠴᠢᠯᠠᠯ ᠤᠨ ᠤᠯᠠᠷᠢᠯ ᠡᠬᠢᠯᠡᠭᠰᠡᠨ ᠲᠡᠢ ᠬᠣᠯᠪᠣᠭᠳᠠᠭᠤᠯᠤᠨ ᠭᠠᠳᠠᠭᠠᠳᠤ ᠬᠠᠷᠢᠯᠴᠠᠭᠠᠨ ᠤ ᠶᠠᠮᠤᠨ ᠠᠴᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠢ ᠵᠣᠷᠢᠵᠤ ᠪᠤᠢ ᠮᠣᠩᠭᠣᠯ ᠢᠷᠭᠡᠳ ᠲᠦ ᠣᠨᠴᠠᠭᠠᠶᠢᠯᠠᠨ ᠠᠩᠬᠠᠷᠬᠤ ᠵᠥᠪᠯᠡᠮᠵᠢ ᠪᠡᠯᠡᠳᠬᠡᠭᠰᠡᠨ ᠢ ᠬᠦᠷᠭᠡᠵᠦ ᠪᠠᠶᠢᠨ᠎ᠠ᠃
ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠵᠤᠷᠴᠢᠬᠤ  ᠢᠷᠭᠡᠳ ᠲᠦ ᠦᠭᠬᠦ ᠤᠨᠴᠠᠭᠠᠶᠢᠯᠠᠨ ᠠᠩᠬᠠᠷᠬᠤ ᠵᠦᠪᠯᠡᠮᠵᠢ
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳᠦ ᠸᠢᠽ ᠦᠭᠡᠢ ᠵᠣᠷᠴᠢᠬᠤ 30 ᠬᠣᠨᠣᠭ ᠤᠨ ᠬᠤᠭᠤᠴᠠᠭ᠎ᠠ ᠶᠢ ᠬᠡᠲᠦᠷᠡᠭᠦᠯᠬᠦ ᠦᠭᠡᠢ ᠪᠠᠶᠢᠬᠤ
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ︽ᠭᠠᠳᠠᠭᠠᠳᠤ ᠶᠢᠨ ᠢᠷᠭᠡᠳ ᠦᠨ ᠬᠢᠯᠢ ᠪᠡᠷ ᠤᠷᠤᠬᠤ ᠭᠠᠷᠬᠤ ᠶᠢ ᠵᠣᠬᠢᠴᠠᠭᠤᠯᠬᠤ ᠲᠤᠬᠠᠢ ︾ ᠬᠠᠤᠯᠢ ᠶᠢᠨ 78 ᠳ᠋ᠤᠭᠠᠷ ᠵᠦᠢᠯ ᠳᠦ ᠄ ᠭᠠᠳᠠᠭᠠᠳᠤ ᠶᠢᠨ ᠢᠷᠭᠡᠨ ᠦ ᠣᠷᠣᠰᠢᠨ ᠰᠠᠭᠤᠬᠤ ᠵᠥᠪᠰᠢᠶᠡᠷᠡᠯ ᠦᠨ ᠬᠤᠭᠤᠴᠠᠭ᠎ᠠ ᠶᠢ ᠬᠡᠲᠦᠷᠡᠭᠦᠯᠦᠭᠰᠡᠨ ᠨᠢᠭᠡ ᠡᠳᠦᠷ ᠲᠤᠲᠤᠮ 500 ᠶᠤᠸᠠᠨ ‍ᠣ ᠮᠥᠩᠭᠥᠨ ᠲᠣᠷᠭᠠᠭᠤᠯᠢ ᠨᠣᠭᠳᠠᠭᠤᠯᠬᠤ ᠭᠡᠵᠦ ᠵᠢᠭᠠᠭᠰᠠᠨ ᠪᠠᠶᠢᠨ᠎ᠠ᠃
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳᠦ ᠸᠢᠽ ᠦᠭᠡᠢ ᠵᠣᠷᠴᠢᠬᠤ 30 ᠬᠣᠨᠣᠭ ᠤᠨ ᠬᠤᠭᠤᠴᠠᠭᠠᠨ ᠳᠤ ᠬᠥᠳᠡᠯᠮᠦᠷᠢ ᠡᠷᠬᠢᠯᠡᠬᠦ ᠦᠭᠡᠢ ᠪᠠᠶᠢᠬᠤ ︔
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ︽ᠭᠠᠳᠠᠭᠠᠳᠤ ᠶᠢᠨ ᠢᠷᠭᠡᠳ ᠦᠨ ᠬᠢᠯᠢ ᠪᠡᠷ ᠤᠷᠤᠬᠤ᠂ ᠭᠠᠷᠬᠤ ᠶᠢ ᠵᠣᠬᠢᠴᠠᠭᠤᠯᠬᠤ︾ ᠲᠤᠬᠠᠢ ᠬᠠᠤᠯᠢ ᠶᠢᠨ 80 ᠳ᠋ᠤᠭᠠᠷ ᠵᠦᠢᠯ ᠳᠦ᠄ ᠬᠠᠤᠯᠢ ᠪᠤᠰᠤ ᠪᠠᠷ ᠬᠥᠳᠡᠯᠮᠦᠷᠢ ᠡᠷᠬᠢᠯᠡᠭᠰᠡᠨ ᠭᠠᠳᠠᠭᠠᠳᠤ ᠶᠢᠨ ᠢᠷᠭᠡᠨ ᠢ 5000-20000 ᠶᠤᠸᠠᠨ ‍ᠣ ᠮᠥᠩᠭᠥᠨ ᠲᠣᠷᠭᠠᠭᠤᠯᠢ ᠨᠣᠭᠳᠠᠭᠤᠯᠬᠤ᠂ ᠨᠣᠴᠢᠲᠠᠢ ᠭᠡᠵᠦ ᠦᠵᠡᠪᠡᠯ 5-15 ᠬᠣᠨᠣᠭ ᠢᠶᠠᠷ ᠰᠠᠭᠠᠲᠠᠭᠤᠯᠬᠤ ᠭᠡᠵᠦ ᠵᠢᠭᠠᠭᠰᠠᠨ ᠪᠠᠶᠢᠨ᠎ᠠ᠃
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠢᠯᠢ ᠪᠡᠷ 20 ᠮᠢᠩᠭᠠᠨ ᠶᠤᠸᠠᠨ ᠪᠤᠶᠤ 5000 ᠬᠦᠷᠲᠡᠯ᠎ᠡ ᠳ᠋ᠣᠯᠯᠠᠷ ᠢ ᠪᠡᠶ᠎ᠡ ᠳᠦ ᠪᠡᠨ ᠠᠪᠴᠤ ᠣᠷᠣᠬᠤ ᠶᠢ ᠵᠥᠪᠰᠢᠶᠡᠷᠡᠳᠡᠭ᠃ ᠬᠡᠷᠪᠡ ᠡᠨᠡ ᠵᠢᠷᠤᠮ ᠢ ᠵᠥᠷᠢᠴᠡᠭᠰᠡᠨ ᠲᠣᠬᠢᠶᠠᠯᠳᠤᠯ ᠳᠤ ᠮᠥᠩᠭᠥ ᠶᠢ ᠬᠤᠷᠢᠶᠠᠨ ᠭᠠᠷᠤᠯ ᠡᠭᠦᠰᠦᠯ ᠢ ᠠᠵᠢᠯ ᠤᠨ ᠲᠠᠪᠤ ᠬᠣᠨᠣᠭ ᠲᠤ ᠪᠠᠭᠲᠠᠭᠠᠨ ᠰᠢᠯᠭᠠᠵᠤ᠂ ᠮᠥᠩᠭᠥᠨ ᠳ᠋ᠦᠩ ᠦᠨ 9% ᠲᠠᠢ ᠲᠡᠩᠴᠡᠬᠦ ᠬᠡᠮᠵᠢᠶᠡᠨ ᠦ  ᠸᠠᠯᠢᠶᠤᠲ ᠢᠶᠠᠷ ᠲᠤᠷᠭᠠᠨ᠎ᠠ᠃
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠢᠯᠢ ᠪᠡᠷ ᠨᠡᠪᠲᠡᠷᠡᠬᠦ ᠳᠦ ᠪᠡᠨ ᠪᠤᠰᠤᠳ ᠠᠴᠠ ᠠᠴᠢᠶ᠎ᠠ ᠠᠪᠬᠤ ᠦᠭᠡᠢ ᠪᠠᠶᠢᠬᠤ ︔
• ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠵᠣᠷᠴᠢᠬᠤ ᠳᠤ ᠪᠠᠨ ᠪᠤᠰᠤᠳ ᠤᠨ ᠳᠠᠶᠢᠪᠤᠷᠢ ᠵᠦᠢᠯᠡᠰ ︵ᠳᠠᠶᠢᠪᠤᠷᠢ ᠵᠦᠢᠯᠡᠰ ᠲᠦ ᠬᠠᠷ᠎ᠠ ᠲᠠᠮᠠᠬᠢ᠂ ᠠᠩ ᠤᠨ ᠡᠳ᠋ ᠵᠦᠢᠯᠡᠰ᠂ ᠠᠯᠲᠠ᠂ ᠰᠤᠮᠤ ᠭᠡᠬᠦ ᠮᠡᠲᠦ ᠬᠣᠷᠢᠭ᠎ᠠ ᠲᠠᠢ ᠵᠦᠢᠯ ᠪᠠᠶᠢᠵᠤ ᠪᠣᠯᠵᠣᠰᠢ ᠦᠭᠡᠢ︶ ᠢ ᠠᠪᠬᠤ ᠦᠭᠡᠢ ᠪᠠᠶᠢᠬᠤ ᠶᠢ ᠣᠨᠴᠠᠭᠠᠢ ᠠᠩᠬᠠᠷᠬᠤ᠃ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠢᠯᠢ ᠪᠡᠷ ᠬᠣᠷᠢᠭᠯᠠᠭᠰᠠᠨ᠂ ᠬᠢᠵᠠᠭᠠᠷᠯᠠᠭᠰᠠᠨ  ᠪᠠᠷᠠᠭ᠎ᠠ ᠪᠦᠲᠦᠭᠡᠭᠳᠡᠬᠦᠨ ᠢ ᠬᠠᠤᠯᠢ ᠪᠤᠰᠤ ᠪᠠᠷ ᠨᠡᠪᠲᠡᠷᠡᠭᠦᠯᠬᠦ ᠨᠢ ᠭᠡᠮᠲᠦ ᠬᠡᠷᠡᠭ ᠪᠥᠭᠡᠳ ᠬᠠᠤᠯᠢ ᠶᠢᠨ ᠥᠨᠳᠥᠷ ᠬᠠᠷᠢᠭᠤᠴᠠᠯᠭ᠎ᠠ ᠬᠦᠯᠢᠶᠡᠳᠡᠭ᠃
• ᠮᠣᠩᠭᠣᠯ ᠤᠯᠤᠰ ᠤᠨ ᠦᠨᠳᠦᠰᠦᠨ ᠦ ᠡᠩ ᠦᠨ ᠭᠠᠳᠠᠭᠠᠳᠤ ᠫᠠᠰᠫᠣᠷᠲ᠂ ᠬᠢᠯᠢ ᠣᠷᠴᠢᠮ ᠤᠨ ᠦᠨᠡᠮᠯᠡᠬᠦ ᠶᠢ ᠪᠠᠷᠢᠴᠠᠭᠠᠨ ᠳᠤ ᠲᠠᠯᠪᠢᠬᠤ ᠦᠭᠡᠢ ᠪᠠᠶᠢᠬᠤ ︔
• ᠮᠣᠩᠭᠣᠯ ᠤᠯᠤᠰ ᠤᠨ ᠦᠨᠳᠦᠰᠦᠨ ᠦ ᠡᠩ ᠦᠨ ᠭᠠᠳᠠᠭᠠᠳᠤ ᠫᠠᠰᠫᠣᠷᠲ᠂ ᠬᠢᠯᠢ ᠣᠷᠴᠢᠮ ᠤᠨ ᠦᠨᠡᠮᠯᠡᠬᠦ ᠨᠢ ᠮᠣᠩᠭᠣᠯ ᠤᠯᠤᠰ ᠤᠨ ᠲᠥᠷᠥ ᠶᠢᠨ ᠥᠮᠴᠢ ᠲᠤᠯᠠ ᠢᠷᠭᠡᠨ ᠲᠠ ᠡᠳᠡᠭᠡᠷ ᠪᠢᠴᠢᠭ ᠪᠠᠷᠢᠮᠲᠠ ᠶᠢ ᠶᠠᠮᠠᠷ ᠨᠢᠭᠡ ᠬᠡᠯᠪᠡᠷᠢ ᠪᠡᠷ ᠪᠠᠷᠢᠴᠠᠭᠠᠨ ᠳᠤ ᠲᠠᠯᠪᠢᠬᠤ ᠶᠢ ᠬᠣᠷᠢᠭᠯᠠᠳᠠᠭ ᠪᠥᠭᠡᠳ ᠡᠨᠡ ᠦᠢᠯᠡᠳᠦᠯ ᠦᠨ ᠢᠶᠡᠨ ᠲᠥᠯᠥᠭᠡ ᠬᠠᠤᠯᠢ ᠶᠢᠨ ᠳᠠᠭᠠᠤ ᠬᠠᠷᠢᠭᠤᠴᠠᠯᠭ᠎ᠠ ᠬᠦᠯᠢᠶᠡᠬᠦ ᠪᠣᠯᠬᠤ ᠶᠢ ᠠᠩᠬᠠᠷᠬᠤ ᠬᠡᠷᠡᠭᠲᠡᠢ᠃

ᠰᠡᠳᠬᠢᠭᠳᠡᠯ ᠦᠯᠡᠳᠡᠭᠡᠬᠦ