︽ᠪᠠᠭᠰᠢ ᠶᠢᠨ ᠬᠥᠭᠵᠢᠯ︾ ᠬᠥᠲᠥᠯᠪᠦᠷᠢ ᠶᠢᠨ ᠬᠦᠷᠢᠶᠡᠨ ᠳᠦ ᠰᠢᠨᠡᠴᠢᠯᠡᠨ ᠪᠠᠲᠤᠯᠠᠭᠰᠠᠨ ︽ᠤᠯᠤᠰ ᠤᠨ ᠲᠥᠷᠦᠯᠵᠢᠭᠰᠡᠨ ᠣᠯᠢᠮᠫᠢᠶᠠᠳ᠋᠂ ᠡᠯᠰᠡᠯᠲᠡ ᠶᠢᠨ ᠶᠡᠷᠦᠩᠬᠡᠢ ᠰᠢᠯᠭᠠᠯᠲᠠ ᠳᠤ ᠠᠮᠵᠢᠯᠲᠠ ᠭᠠᠷᠭᠠᠭᠰᠠᠨ ᠪᠠᠭᠰᠢ᠂ ᠰᠤᠷᠤᠭᠴᠢ᠂ ᠰᠤᠷᠭᠠᠭᠤᠯᠢ ᠶᠢ ᠱᠠᠩᠨᠠᠵᠤ᠂ ᠤᠷᠮᠠᠰᠢᠭᠤᠯᠬᠤ ᠵᠢᠷᠤᠮ︾ ᠤᠨ ᠳᠠᠭᠠᠤ ᠥᠨᠥᠳᠥᠷ ᠠᠷᠤᠬᠠᠩᠭᠠᠢ ᠠᠶᠢᠮᠠᠭ ᠤᠨ ᠪᠠᠶᠠᠷ ᠨᠠᠭᠠᠳᠤᠮ ᠤᠨ ᠬᠤᠷᠠᠯ ᠤᠨ ᠦᠶ᠎ᠡ ᠪᠡᠷ 2019 ᠣᠨ ᠤ ᠡᠯᠰᠡᠯᠲᠡ ᠶᠢᠨ ᠶᠡᠷᠦᠩᠬᠡᠢ ᠰᠢᠯᠭᠠᠯᠲᠠ ᠳᠤ 750-800 ᠣᠨᠣᠭ᠎ᠠ ᠠᠪᠤᠭᠰᠠᠨ ᠰᠤᠷᠤᠭᠴᠢᠳ᠂ ᠲᠡᠳᠡᠨ ᠢ ᠪᠡᠯᠡᠳᠬᠡᠭᠰᠡᠨ ᠪᠠᠭᠰᠢ ᠨᠠᠷ᠂ ᠤᠯᠤᠰ ᠤᠨ ᠲᠥᠷᠦᠯᠵᠢᠭᠰᠡᠨ ᠣᠯᠢᠮᠫᠢᠶᠠᠳ᠋ ᠍ ᠲᠤ ᠠᠮᠵᠢᠯᠲᠠᠲᠠᠢ ᠣᠷᠣᠯᠴᠠᠭᠰᠠᠨ ᠪᠠᠭᠰᠢ᠂ ᠰᠤᠷᠤᠭᠴᠢᠳ ᠲᠤ ᠨᠡᠶᠢᠲᠡ 2.1 ᠰᠠᠶ᠎ᠠ ᠲᠥᠭᠥᠷᠢᠭ ᠦᠨ ᠮᠥᠩᠭᠥᠨ ᠤᠷᠮᠠᠰᠢᠭᠤᠯᠤᠯ ᠣᠯᠭᠤᠯ᠎ᠠ᠃
︽ᠪᠠᠭᠰᠢ ᠶᠢᠨ ᠬᠥᠭᠵᠢᠯ ︾ ᠳᠡᠳ᠋ ᠬᠥᠲᠥᠯᠪᠦᠷᠢ ᠶᠢᠨ ᠬᠦᠷᠢᠶᠡᠨ ᠳᠦ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠬᠥᠭᠵᠢᠯ ᠢ ᠳᠡᠮᠵᠢᠬᠦ᠂ ᠰᠤᠷᠤᠭᠴᠢᠳ ᠤᠨ ᠪᠣᠯᠤᠨ ᠪᠠᠭᠰᠢ ᠰᠤᠷᠭᠠᠨ ᠬᠦᠮᠦᠵᠢᠭᠦᠯᠦᠭᠴᠢᠳ ᠦᠨ ᠬᠠᠮᠲᠤᠷᠠᠨ ᠬᠥᠭᠵᠢᠬᠦ ᠪᠣᠯᠤᠮᠵᠢ ᠶᠢ ᠨᠡᠭᠡᠭᠡᠬᠦ᠂ ᠲᠡᠷᠢᠭᠦᠨ ᠦ ᠪᠠᠶᠢᠭᠤᠯᠤᠯᠭ᠎ᠠ᠂ ᠬᠠᠮᠲᠤ ᠣᠯᠠᠨ ᠪᠠᠭᠰᠢ ᠨᠠᠷ ᠤᠨ ᠲᠤᠷᠰᠢᠯᠭ᠎ᠠ ᠶᠢ ᠲᠦᠭᠡᠭᠡᠬᠦ᠂ ᠪᠠᠭᠰᠢ ᠶᠢ ᠴᠢᠳᠠᠪᠤᠷᠢᠵᠢᠭᠤᠯᠬᠤ ᠵᠣᠷᠢᠯᠭ᠎ᠠ ᠪᠠᠷ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ᠂ ᠰᠤᠷᠤᠯᠴᠠᠭᠴᠢᠳ ᠤᠨ ᠳᠤᠮᠳᠠ ᠵᠣᠬᠢᠶᠠᠨ ᠪᠠᠶᠢᠭᠤᠯᠳᠠᠭ ︽ᠤᠯᠤᠰ ᠤᠨ ᠲᠥᠷᠦᠯᠵᠢᠭᠰᠡᠨ ᠣᠯᠢᠮᠫᠢᠶᠠᠳ᠋᠂ ᠡᠯᠰᠡᠯᠲᠡ ᠶᠢᠨ ᠶᠡᠷᠦᠩᠬᠡᠢ ᠰᠢᠯᠭᠠᠯᠲᠠ ᠳᠤ ᠠᠮᠵᠢᠯᠲᠠ ᠭᠠᠷᠭᠠᠭᠰᠠᠨ ᠪᠠᠭᠰᠢ᠂ ᠰᠤᠷᠤᠭᠴᠢ᠂ ᠰᠤᠷᠭᠠᠭᠤᠯᠢ ᠶᠢ ᠱᠠᠩᠨᠠᠵᠤ᠂ ᠤᠷᠮᠠᠰᠢᠭᠤᠯᠬᠤ ᠵᠢᠷᠤᠮ︾ ᠍ ᠢ 2018 ᠣᠨ ᠤ 5 ᠳ᠋ᠤᠭᠠᠷ ᠰᠠᠷ᠎ᠠ ᠳᠤ ᠰᠢᠨᠡᠴᠢᠯᠡᠨ ᠪᠠᠲᠤᠯᠠᠭᠰᠠᠨ ᠪᠠᠶᠢᠳᠠᠭ ᠶᠤᠮ᠃