ᠬᠤᠲᠤᠩ ᠨᠠᠭᠤᠷ ᠤᠨ ᠣᠷᠴᠢᠮ ᠳᠤ ᠵᠡᠷᠯᠢᠭ ᠭᠠᠬᠠᠢ ᠨᠤᠲᠤᠭᠯᠠᠵᠠᠢ  | News.MN

ᠬᠤᠲᠤᠩ ᠨᠠᠭᠤᠷ ᠤᠨ ᠣᠷᠴᠢᠮ ᠳᠤ ᠵᠡᠷᠯᠢᠭ ᠭᠠᠬᠠᠢ ᠨᠤᠲᠤᠭᠯᠠᠵᠠᠢ 

ᠪᠠᠶᠠᠨ-ᠥᠯᠥᠭᠡᠢ ᠠᠶᠢᠮᠠᠭ ᠤᠨ ᠴᠡᠩᠭᠡᠯ ᠰᠤᠮᠤ ᠶᠢᠨ ᠨᠤᠲᠤᠭ ᠪᠠᠭ᠎ᠠ ᠲᠦᠷᠭᠡᠨ᠂ ᠰᠢᠷ᠎ᠠ ᠪᠤᠯᠠᠭ ᠬᠡᠮᠡᠬᠦ ᠭᠠᠵᠠᠷ ᠲᠤ ᠡᠨᠡ ᠵᠤᠨ ᠠᠴᠠ ᠵᠡᠷᠯᠢᠭ ᠭᠠᠬᠠᠢ ᠨᠤᠲᠤᠭᠯᠠᠵᠤ ᠡᠬᠢᠯᠡᠵᠡᠢ᠃ ᠲᠤᠰ ᠭᠠᠵᠠᠷ ᠨᠢ ᠴᠡᠩᠭᠡᠯ ᠰᠤᠮᠤ ᠶᠢᠨ ᠲᠥᠪ ᠡᠴᠡ 110 ᠺᠢᠯᠣᠮᠧᠲ᠋ᠷ᠂ ᠬᠣᠪᠳᠣ ᠭᠣᠣᠯ ᠡᠬᠢ ᠠᠪᠳᠠᠭ ᠬᠤᠲᠤᠩ ᠨᠠᠭᠤᠷ ᠠᠴᠠ 20 ᠣᠷᠴᠢᠮ ᠺᠢᠯᠣᠮᠧᠲ᠋ᠷ ᠵᠠᠶᠢᠲᠠᠢ᠃ ᠡᠨᠡ ᠲᠠᠯ᠎ᠠ ᠪᠠᠷ ᠰᠤᠮᠤ ᠶᠢᠨ ᠪᠠᠶᠢᠭᠠᠯᠢ ᠣᠷᠴᠢᠨ ᠤ ᠬᠢᠨᠠᠯᠲᠠ ᠶᠢᠨ ᠤᠯᠤᠰ ᠤᠨ ᠪᠠᠶᠢᠴᠠᠭᠠᠭᠴᠢ ᠳ∙ᠲᠠᠯᠭᠠᠲᠪᠸᠺ ᠡᠴᠡ ᠲᠣᠳᠣᠷᠠᠭᠤᠯᠬᠤ ᠳᠤ ᠄2016 ᠣᠨ ᠳᠤ ᠰᠤᠮᠤ ᠶᠢᠨ ᠲᠥᠪ ᠡᠴᠡ ᠬᠣᠯᠠ ᠦᠭᠡᠢ ᠴᠠᠭᠠᠨ ᠭᠣᠣᠯ ᠤᠨ ᠠᠷᠠᠯ ᠳᠤ ᠭᠤᠷᠪᠠᠨ ᠵᠡᠷᠯᠢᠭ ᠭᠠᠬᠠᠢ ᠢᠷᠡᠵᠦ ᠰᠠᠭᠤᠷᠢᠰᠢᠭᠰᠠᠨ᠃ ᠳᠠᠷᠠᠭ᠎ᠠ ᠵᠢᠯ ᠨᠢ ᠠᠷᠠᠯ ᠲᠣᠯᠣᠭᠠᠢ ᠣᠷᠴᠢᠮ ᠢᠶᠠᠷ ᠨᠤᠲᠤᠭᠯᠠᠵᠤ᠂ ᠨᠢᠭᠡ ᠵᠢᠯ ᠮᠤᠬᠤᠷ ᠬᠡᠮᠡᠬᠦ ᠭᠠᠵᠠᠷ ᠲᠤ ᠡᠪᠦᠯᠵᠢᠭᠰᠡᠨ᠃
ᠬᠠᠷᠢᠨ ᠡᠨᠡ ᠵᠢᠯ ᠪᠠᠭ᠎ᠠ ᠲᠦᠷᠭᠡᠨ᠂ ᠰᠢᠷ᠎ᠠ ᠪᠤᠯᠠᠭ᠂ ᠨᠠᠢᠮᠠᠨ ᠬᠠᠷᠭᠠᠢ ᠳᠤ ᠵᠤᠰᠠᠵᠤ ᠪᠠᠶᠢᠭ᠎ᠠ ᠠᠶᠢᠯ ᠤᠳ ᠤᠨ ᠣᠷᠴᠢᠮ ᠢᠶᠠᠷ ᠲᠠᠪᠤᠨ ᠭᠠᠬᠠᠢ ᠢᠷᠡᠵᠦ ᠨᠤᠲᠤᠭᠯᠠᠵᠤ ᠪᠠᠶᠢᠨ᠎ᠠ᠃ ᠭᠡᠬᠦ ᠳᠦ ᠪᠡᠨ ᠡᠳᠡᠭᠡᠷ ᠠᠮᠢᠲᠠᠳ ᠠᠩᠬ᠎ᠠ ᠬᠠᠮᠢᠭ᠎ᠠ ᠠᠴᠠ ᠢᠷᠡᠭᠰᠡᠨ ᠨᠢ ᠲᠣᠳᠣᠷᠬᠠᠢ ᠦᠭᠡᠢ᠃ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠠᠯᠲᠠᠢ ᠠᠶᠢᠮᠠᠭ᠂ ᠡᠰᠡᠪᠡᠯ ᠮᠠᠨ ᠤ ᠠᠶᠢᠮᠠᠭ ᠤᠨ ᠨᠣᠭᠣᠭᠠᠨᠨᠠᠭᠤᠷ ᠰᠤᠮᠤ ᠠᠴᠠ ᠢᠷᠡᠵᠦ᠂ ᠥᠪᠡᠷᠲᠡᠭᠡᠨ ᠠᠮᠢᠳᠤᠷᠠᠬᠤ ᠳᠤ ᠲᠣᠬᠢᠷᠠᠮᠵᠢᠲᠠᠢ ᠭᠠᠵᠠᠷ ᠬᠠᠶᠢᠵᠤ ᠪᠠᠶᠢᠭ᠎ᠠ ᠪᠣᠯᠪᠠ ᠤᠤ ᠬᠡᠮᠡᠨ ᠲᠠᠭᠠᠮᠠᠭᠯᠠᠵᠤ ᠪᠠᠶᠢᠨ᠎ᠠ᠃ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠲᠤ ᠠᠩ ᠠᠩᠨᠠᠬᠤ ᠬᠣᠷᠢᠭ᠎ᠠ ᠲᠠᠢ ᠲᠤᠯᠠ ᠮᠠᠨ ᠤ ᠪᠠᠶᠢᠭᠠᠯᠢ ᠬᠠᠮᠠᠭᠠᠯᠠᠭᠴᠢᠳ ᠬᠢᠨᠠᠯᠲᠠ ᠲᠠᠯᠪᠢᠵᠤ ᠠᠵᠢᠯᠯᠠᠵᠤ ᠪᠠᠶᠢᠭ᠎ᠠ ᠭᠡᠯ᠎ᠡ᠃

ᠰᠡᠳᠬᠢᠭᠳᠡᠯ ᠦᠯᠡᠳᠡᠭᠡᠬᠦ