ᠲᠠᠪᠤᠳᠤᠭᠠᠷ ᠰᠠᠷ᠎ᠠ ᠶᠢᠨ 15 ᠠᠴᠠ ᠡᠬᠢᠯᠡᠨ ᠨᠡᠶᠢᠰᠯᠡᠯ ᠳᠤ ᠲᠦᠭᠦᠬᠡᠢ ᠨᠡᠭᠦᠷᠡᠰᠦ ᠣᠷᠣᠭᠤᠯᠬᠤ ᠶᠢ ᠬᠣᠷᠢᠭᠯᠠᠭᠰᠠᠨ᠃ ᠢᠩᠭᠢᠭᠰᠡᠨ ᠢᠶᠡᠷ ᠤᠯᠠᠭᠠᠨᠪᠠᠭᠠᠲᠤᠷ ᠬᠣᠲᠠ ᠶᠢᠨ ᠭᠡᠷ ᠬᠣᠷᠢᠶᠠᠯᠠᠯ ᠤᠨ 220000 ᠠᠶᠢᠯ ᠡᠷᠦᠬᠡ ᠰᠠᠶᠢᠵᠢᠷᠠᠭᠤᠯᠤᠭᠰᠠᠨ ᠰᠢᠬᠠᠮᠠᠯ ᠲᠦᠯᠡᠰᠢ ᠬᠡᠷᠡᠭᠯᠡᠬᠦ ᠶᠤᠮ᠃ ᠭᠡᠷ ᠬᠣᠷᠢᠶᠠᠯᠠᠯ ᠤᠨ ᠡᠷᠦᠬᠡ ᠨᠦᠭᠦᠳ ᠢ ᠰᠢᠬᠠᠮᠠᠯ ᠲᠦᠯᠡᠰᠢ ᠪᠡᠷ ᠬᠠᠩᠭᠠᠬᠤ ᠡᠭᠦᠷᠭᠡ ᠶᠢ ︽ᠲᠠᠪᠤᠨᠲᠣᠯᠣᠭᠠᠢ ᠲᠦᠯᠡᠰᠢ︾ ᠺᠤᠮᠫᠠᠨᠢ ᠬᠦᠯᠢᠶᠡᠵᠦ᠂ ᠲᠤᠰ ᠺᠣᠮᠫᠠᠨᠢ ᠶᠢᠨ ᠲᠦᠯᠡᠰᠢᠨ ᠦ ᠨᠥᠭᠡᠴᠡ ᠥᠩᠭᠡᠷᠡᠭᠰᠡᠨ ᠳᠣᠯᠣᠭ᠎ᠠ ᠬᠣᠨᠣᠭ ᠲᠤ 130 ᠭᠠᠷᠤᠢ ᠮᠢᠩᠭᠠᠨ ᠲᠣᠨ ᠳᠤ ᠬᠦᠷᠴᠡᠢ᠃
ᠨᠡᠶᠢᠰᠯᠡᠯ ᠦᠨ ᠠᠶᠢᠯ ᠡᠷᠦᠬᠡ ᠨᠦᠭᠦᠳ ᠭᠠᠯᠯᠠᠭᠠᠨ ᠤ ᠤᠯᠠᠷᠢᠯ ᠳᠤ 1.2 ᠰᠠᠶ᠎ᠠ ᠲᠣᠨ ᠲᠦᠭᠦᠬᠡᠢ ᠨᠡᠭᠦᠷᠡᠰᠦ ᠲᠦᠯᠡᠳᠡᠭ ᠭᠡᠰᠡᠨ ᠰᠤᠳᠤᠯᠭᠠᠨ ᠪᠤᠢ᠃ ᠡᠨᠡ ᠬᠡᠷᠡᠭᠯᠡᠭᠡ ᠶᠢ 600000 ᠲᠣᠨ ᠰᠠᠶᠢᠵᠢᠷᠠᠭᠤᠯᠤᠭᠰᠠᠨ ᠰᠢᠬᠠᠮᠠᠯ ᠲᠦᠯᠡᠰᠢ ᠪᠡᠷ ᠬᠠᠩᠭᠠᠬᠤ ᠪᠣᠯᠤᠮᠵᠢ ᠲᠠᠢ ᠭᠡᠵᠦ ᠲᠣᠭᠠᠴᠠᠭᠠᠯᠠᠭᠰᠠᠨ᠃ ᠦᠢᠯᠡᠳᠪᠦᠷᠢᠯᠡᠭᠰᠡᠨ ᠪᠦᠲᠦᠭᠡᠭᠳᠡᠬᠦᠨ ᠢᠶᠡᠨ ᠭᠡᠷ ᠬᠣᠷᠢᠶᠠᠯᠠᠯ ᠳᠤ ᠭᠡᠷᠡᠲᠦ 500 ᠴᠡᠭ ᠢᠶᠡᠷ ᠳᠠᠮᠵᠢᠭᠤᠯᠤᠨ ᠬᠤᠳᠠᠯᠳᠤᠭᠠᠯᠠᠵᠤ ᠪᠠᠶᠢᠭ᠎ᠠ᠃ ᠬᠠᠷᠢᠨ ᠦᠨ᠎ᠡ ᠶᠢᠨ ᠬᠤᠪᠢ ᠳᠤ 25 ᠺᠢᠯᠦᠭᠷᠡᠮ ᠢᠶᠡᠷ ᠰᠠᠪᠠᠯᠠᠭᠳᠠᠭᠰᠠᠨ ᠲᠦᠯᠡᠰᠢ 3750 ᠲᠥᠭᠥᠷᠢᠭ ᠪᠠᠶᠢᠬᠤ ᠪᠣᠯ ᠲᠣᠨ ᠨᠢ 150000 ᠲᠥᠭᠥᠷᠢᠭ ᠦᠨ ᠦᠨ᠎ᠡ ᠲᠡᠢ ᠪᠠᠶᠢᠨ᠎ᠠ᠃