︽ᠠᠷᠪᠠᠲᠤ︾ ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠠᠩᠬ᠎ᠠ ᠤᠳᠠᠭ᠎ᠠ ᠮᠠᠨ ᠤ ᠤᠯᠤᠰ ᠲᠤ ᠵᠣᠬᠢᠶᠠᠨ ᠪᠠᠶᠢᠭᠤᠯᠤᠭᠳᠠᠵᠤ ᠪᠠᠶᠢᠨ᠎ᠠ᠃ ᠲᠠᠪᠤᠨ ᠤᠯᠤᠰ ᠣᠷᠣᠯᠴᠠᠭᠰᠠᠨ ᠡᠨᠡᠬᠦ ᠤᠷᠤᠯᠳᠤᠭᠠᠨ ᠡᠨᠡ ᠰᠠᠷ᠎ᠠ ᠶᠢᠨ 3 ᠤ ᠪᠢᠮᠪᠠ ᠭᠠᠷᠠᠭ ᠲᠤ ᠡᠬᠢᠯᠡᠬᠦ ᠶᠤᠮ᠃ ᠲᠡᠭᠡᠪᠡᠯ ︽ᠠᠷᠪᠠᠲᠤ︾ ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠤ ᠬᠣᠯᠪᠣᠭ᠎ᠠ᠂ ᠬᠢᠨᠠᠯᠲᠠ ᠶᠢᠨ ᠰᠢᠰᠲ᠋ᠧᠮ ᠵᠣᠬᠢᠶᠠᠨ ᠪᠠᠶᠢᠭᠤᠯᠬᠤ ᠪᠦᠯᠦᠭ ᠦᠨ ᠬᠢᠨ ᠤᠷᠤᠯᠳᠤᠭᠠᠨ ᠤ ᠬᠣᠯᠪᠣᠭ᠎ᠠ᠂ ᠬᠢᠨᠠᠯᠲᠠ ᠶᠢ ᠲᠠᠰᠤᠷᠠᠯᠲᠠ ᠦᠭᠡᠢ᠂ ᠴᠢᠨᠠᠷᠲᠠᠢ ᠶᠠᠪᠤᠭᠤᠯᠬᠤ ᠶᠢᠨ ᠲᠤᠯᠠᠳᠠ ᠬᠢᠮᠡᠯ ᠳᠠᠭᠠᠭᠤᠯᠢ ᠠᠴᠠ ᠪᠠᠭ ᠲᠠᠮᠢᠷᠴᠢᠳ ᠢ ᠬᠠᠮᠢᠭ᠎ᠠ ᠶᠠᠪᠤᠵᠤ ᠪᠠᠶᠢᠭ᠎ᠠ ᠶᠢ 24 ᠴᠠᠭ ᠤᠨ ᠲᠤᠷᠰᠢᠳᠠ ᠬᠢᠨᠠᠬᠤ ᠠᠵᠠᠢ᠃
ᠣᠷᠣᠰ ᠤᠨ ᠪᠠᠲᠤᠯᠠᠨ ᠬᠠᠮᠠᠭᠠᠯᠠᠬᠤ ᠶᠠᠮᠤᠨ 2015 ᠣᠨ ᠠᠴᠠ ᠡᠬᠢᠯᠡᠨ ︽ᠠᠷᠮᠢ︾ ᠪᠤᠶᠤ ︽ᠴᠡᠷᠢᠭ ᠦᠨ ᠨᠠᠭᠠᠳᠤᠮ︾ ᠣᠯᠠᠨ ᠤᠯᠤᠰ ᠤᠨ ᠲᠡᠮᠡᠴᠡᠭᠡᠨ ᠢ ᠵᠣᠬᠢᠶᠠᠨ ᠪᠠᠶᠢᠭᠤᠯᠵᠤ ᠢᠷᠡᠭᠰᠡᠨ ᠪᠥᠭᠡᠳ ᠲᠤᠰ ᠨᠠᠭᠠᠳᠤᠮ ᠵᠢᠯ ᠡᠴᠡ ᠵᠢᠯ ᠳᠦ ᠥᠷᠭᠡᠵᠢᠨ ᠲᠡᠯᠡᠵᠦ ᠣᠷᠣᠯᠴᠠᠭᠴᠢ ᠣᠷᠣᠨ ᠨᠤᠭᠤᠳ ᠤᠨ ᠲᠣᠭ᠎ᠠ ᠨᠡᠮᠡᠭᠳᠡᠭᠰᠡᠭᠡᠷ ᠪᠠᠶᠢᠭ᠎ᠠ᠃