︽ᠠᠷᠪᠠᠲᠤ︾ ᠣᠯᠠᠨ ᠤᠯᠤᠰ ᠤᠨ ᠮᠣᠷᠢᠨ ᠴᠡᠷᠢᠭ ᠦᠨ ᠠᠩᠬᠠᠳᠤᠭᠠᠷ ᠤᠷᠤᠯᠳᠤᠭᠠᠨ ᠥᠴᠥᠭᠡᠳᠦᠷ ᠡᠬᠢᠯᠡᠭᠰᠡᠨ᠃ ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ︽ᠠᠷᠪᠠᠲᠤ ︾ ᠣᠯᠠᠨ ᠤᠯᠤᠰ ᠤᠨ ᠮᠣᠷᠢᠨ ᠴᠡᠷᠢᠭ ᠦᠨ ᠠᠩᠬᠠᠳᠤᠭᠠᠷ ᠤᠷᠤᠯᠳᠤᠭᠠᠨ ᠳᠤ ᠠᠮᠵᠢᠯᠲᠠ ᠬᠦᠰᠡᠵᠦ ᠂ ᠢᠯᠡᠭᠡᠯᠲᠡ ᠢᠷᠡᠭᠦᠯᠵᠡᠢ᠃
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠯᠡᠭᠡᠯᠲᠡ ᠳᠦ ᠄ᠣᠷᠣᠰ ᠤᠨ ᠪᠠᠲᠤᠯᠠᠨ ᠬᠠᠮᠠᠭᠠᠯᠠᠬᠤ ᠶᠠᠮᠤᠨ ᠠᠴᠠ ᠵᠣᠬᠢᠶᠠᠨ ᠪᠠᠶᠢᠭᠤᠯᠳᠠᠭ ︽ᠣᠯᠠᠨ ᠤᠯᠤᠰ ᠤᠨ ᠴᠡᠷᠢᠭ ᠦᠨ ᠨᠠᠭᠠᠳᠤᠮ︾ ᠍ ᠤᠨ ᠬᠦᠷᠢᠶᠡᠨ ᠳᠦ ᠮᠣᠩᠭᠣᠯ ᠤᠯᠤᠰ ᠲᠤ ᠠᠩᠬ᠎ᠠ ᠤᠳᠠᠭ᠎ᠠ ︽ᠠᠷᠪᠠᠲᠤ︾ ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠢ ᠵᠣᠬᠢᠶᠠᠨ ᠪᠠᠶᠢᠭᠤᠯᠵᠤ ᠪᠠᠶᠢᠭ᠎ᠠ ᠳᠤ ᠵᠡᠪᠰᠡᠭᠲᠦ ᠬᠦᠴᠦᠨ ᠦ ᠶᠡᠷᠦᠩᠬᠡᠢ ᠺᠤᠮᠠᠨᠳ᠋ᠯᠠᠭᠴᠢ ᠶᠢᠨ ᠬᠤᠪᠢ ᠳᠤ ᠪᠠᠶᠠᠷ ᠲᠠᠢ ᠪᠠᠶᠢᠨ᠎ᠠ᠃ ︽ᠠᠷᠪᠠᠲᠤ︾ ᠪᠣᠯ ᠮᠣᠩᠭᠣᠯ ᠤᠨ ᠠᠩᠬᠠᠨ ᠤ ᠲᠦᠷᠦᠲᠦ ᠤᠯᠤᠰ ᠾᠦᠩᠨᠤ ᠭᠦᠷᠦᠨ ᠡᠴᠡ ᠤᠯᠠᠮᠵᠢᠯᠠᠨ᠂ ᠴᠢᠩᠭᠢᠰ ᠬᠠᠭᠠᠨ ᠶᠡᠬᠡ ᠮᠣᠩᠭᠣᠯ ᠤᠯᠤᠰ ᠢ ᠪᠠᠶᠢᠭᠤᠯᠬᠤ ᠦᠶᠡᠰ ᠲᠦ ᠪᠡᠨ ᠤᠯᠠᠮ ᠪᠣᠯᠪᠠᠰᠤᠷᠠᠩᠭᠤᠢ ᠪᠣᠯᠭᠠᠵᠤ᠂ ᠤᠯᠤᠰ ᠢᠶᠠᠨ ᠵᠠᠰᠠᠭᠯᠠᠬᠤ ᠳᠤ ᠠᠰᠢᠭᠯᠠᠭᠰᠠᠨ ᠴᠡᠷᠢᠭ ᠢᠷᠭᠡᠨ ᠦ ᠰᠢᠨᠵᠢ ᠶᠢ ᠬᠣᠣᠰᠯᠠᠭᠤᠯᠤᠭᠰᠠᠨ ᠵᠠᠰᠠᠭ ᠵᠠᠬᠢᠷᠭᠠᠨ ᠤ ᠰᠢᠰᠲ᠋ᠧᠮ᠃ ᠮᠣᠩᠭᠣᠯ ᠤᠨ ᠲᠡᠳᠦᠢ ᠦᠭᠡᠢ ᠳᠡᠯᠡᠬᠡᠢ ᠶᠢᠨ ᠴᠡᠷᠢᠭ ᠦᠨ ᠲᠡᠦᠬᠡᠨ ᠳᠦ ᠠᠯᠳᠠᠷᠰᠢᠭᠰᠠᠨ ᠨᠠᠷᠢᠨ ᠴᠢᠩᠳᠠ ᠵᠣᠬᠢᠶᠠᠨ ᠪᠠᠶᠢᠭᠤᠯᠤᠯᠲᠠ ᠲᠠᠢ ᠨᠢᠭᠡᠴᠡ ᠪᠦᠲᠦᠴᠡ ᠪᠠᠶᠢᠯ᠎ᠠ᠃ ᠮᠣᠩᠭᠣᠯ ᠤᠨ ᠲᠡᠦᠬᠡ ᠪᠣᠯ ᠮᠣᠷᠢᠲᠠᠨ ᠳᠠᠶᠢᠴᠢᠳ ᠤᠨ ᠲᠡᠦᠬᠡ ᠭᠡᠳᠡᠭ ᠢ ᠳᠡᠯᠡᠬᠡᠢ ᠨᠡᠶᠢᠲᠡ ᠪᠡᠷ ᠢᠶᠡᠨ ᠮᠡᠳᠡᠨ᠎ᠡ᠃ ᠴᠢᠩᠭᠢᠰ ᠬᠠᠭᠠᠨ ᠪᠣᠯᠤᠨ ᠲᠡᠭᠦᠨ ᠦ ᠵᠠᠯᠭᠠᠮᠵᠢᠯᠠᠭᠴᠢᠳ ᠤᠨ ᠳᠡᠯᠡᠬᠡᠢ ᠶᠢᠨ ᠲᠠᠯ᠎ᠠ ᠶᠢ ᠡᠵᠡᠯᠡᠭᠰᠡᠨ ᠪᠠᠶᠢᠯᠳᠤᠨ ᠳᠠᠭᠠᠭᠤᠯᠤᠯ ᠪᠣᠯ ᠴᠤᠬᠤᠮ ᠳᠠᠭᠠᠨ ᠮᠣᠷᠢᠨ ᠴᠡᠷᠢᠭ ᠦᠨ ᠲᠡᠦᠬᠡ ᠶᠤᠮ ᠭᠡᠳ ᠤᠷᠤᠯᠳᠤᠭᠠᠨ ᠳᠤ ᠣᠷᠣᠯᠴᠠᠭᠴᠢᠳ᠂ ᠠᠵᠢᠭᠯᠠᠭᠴᠢᠳ ᠲᠤ ᠠᠮᠵᠢᠯᠲᠠ ᠬᠦᠰᠡᠭᠰᠡᠨ ᠪᠠᠶᠢᠨ᠎ᠠ᠃