ᠵᠢᠦ᠋ᠳᠣ᠋ ᠪᠥᠬᠡ ᠶᠢᠨ ᠨᠠᠰᠤᠨ ᠳᠤ ᠬᠦᠷᠦᠭᠰᠡᠳ ᠦᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠶᠠᠫᠣᠨ ᠤ ᠲᠤᠤᠺᠢᠤ᠋ ᠬᠤᠲᠠ ᠳᠤ ᠡᠨᠡ ᠰᠠᠷ᠎ᠠ ᠶᠢᠨ 25-31 ᠳᠤ ᠪᠣᠯᠤᠨ᠎ᠠ᠃ ᠡᠨᠡ ᠵᠢᠯ ᠦᠨ ᠳᠡᠯᠡᠬᠡᠢ ᠶᠢᠨ ᠠᠪᠤᠷᠭᠤ ᠶᠢ ᠬᠥᠳᠡᠯᠮᠦᠷᠢ ᠶᠢᠨ ᠪᠠᠭᠠᠲᠤᠷ᠂ ᠭᠠᠪᠢᠶᠠᠲᠤ ᠲᠠᠮᠢᠷᠴᠢᠨ ᠳ∙ᠰᠤᠮᠢᠶ᠎ᠠ ᠥᠨᠵᠢᠬᠦ ᠪᠡᠷ ᠪᠣᠯᠤᠭᠰᠠᠨ᠃
ᠡᠷᠡᠭᠲᠡᠢ ᠪᠦᠬᠡᠴᠢᠳ ᠡᠴᠡ ᠭ∙ᠪᠣᠯᠣᠳᠪᠠᠭᠠᠲᠤᠷ᠂ ᠳ∙ᠲᠡᠮᠦᠷᠬᠦ᠋ᠯᠦᠭ᠂ ᠭ∙ᠬᠡᠷᠦᠯᠦᠨ ᠨᠠᠷ ᠡᠨᠡ ᠤᠳᠠᠭ᠎ᠠ ᠶᠢᠨ ᠳᠡᠯᠡᠬᠡᠢ ᠶᠢᠨ ᠠᠪᠤᠷᠭᠤ ᠶᠢ ᠥᠨᠵᠢᠨ᠎ᠡ᠃ ᠬᠠᠷᠢᠨ ᠡᠮᠡᠭᠲᠡᠶᠢᠴᠦᠳ ᠦᠨ 70 ᠺᠢᠯᠦᠭᠷᠡᠮ ᠤᠨ ᠵᠢᠩ ᠳᠦ ᠤᠯᠤᠰ ᠤᠨ ᠠᠪᠤᠷᠭᠤ ᠪᠣᠯᠤᠭᠰᠠᠨ ᠼ∙ᠪᠠᠲᠤᠴᠡᠴᠡᠭ ᠦᠨ ᠣᠷᠣᠨ ᠳᠤ ᠼ∙ᠡᠩᠬᠡᠴᠢᠮᠡᠭ ᠢ ᠰᠣᠩᠭᠣᠭᠰᠠᠨ᠃ ︽ ᠷᠢᠤ᠋2016︾ ᠣᠯᠢᠮᠫ ᠤᠨ ᠨᠠᠭᠠᠳᠤᠮ ᠳᠤ ᠮᠣᠩᠭᠣᠯ ᠤᠯᠤᠰ ᠤᠨ ᠵᠢᠦ᠋ᠳᠣ᠋ ᠪᠥᠬᠡ ᠶᠢᠨ ᠪᠠᠭ 14 ᠵᠢᠩ ᠦᠨ 13 ᠍ ᠳᠦ ᠨᠢ ᠡᠷᠬᠡ ᠪᠡᠨ ᠠᠪᠴᠤ ᠣᠷᠣᠯᠴᠠᠵᠤ ᠪᠠᠶᠢᠭᠰᠠᠨ᠃ ᠲᠡᠭᠡᠪᠡᠯ ︽ ᠲᠤᠤᠺᠢᠤ᠋ 2020 ︾ ᠣᠯᠢᠮᠫ ᠤᠨ ᠨᠠᠭᠠᠳᠤᠮ ᠳᠤ ᠪᠦᠬᠦ ᠵᠢᠩ ᠳᠦ ᠡᠷᠬᠡ ᠪᠡᠨ ᠠᠪᠬᠤ ᠠᠴᠠ ᠭᠠᠳᠠᠨ᠎ᠠ ᠬᠣᠯᠢᠮᠠᠭ ᠪᠠᠭ ᠤᠨ ᠲᠥᠷᠥᠯ ᠳᠦ ᠥᠷᠢᠰᠥᠯᠳᠥᠬᠦ ᠡᠷᠬᠡ ᠶᠢᠨ ᠲᠥᠯᠥᠭᠡ ᠪᠦᠬᠡᠴᠢᠳ ᠪᠡᠯᠡᠳᠬᠡᠯ ᠢᠶᠡᠨ ᠬᠠᠩᠭᠠᠵᠤ ᠪᠠᠶᠢᠨ᠎ᠠ᠃ ᠪᠠᠭ ᠢ ᠨ ∙ᠲᠦᠪᠰᠢᠨᠪᠠᠶᠠᠷ ᠠᠬᠠᠯᠠᠨ᠎ᠠ