ᠭᠣᠪᠢ-ᠠᠯᠲᠠᠢ ᠠᠶᠢᠮᠠᠭ ᠳᠠᠬᠢ ᠣᠨᠴᠠᠭᠠᠢ ᠪᠠᠶᠢᠳᠠᠯ ᠤᠨ ᠭᠠᠵᠠᠷ ᠤᠨ ᠰᠢᠭᠤᠷᠬᠠᠢ ᠤᠳᠤᠷᠢᠳᠤᠯᠭ᠎ᠠ᠂ ᠵᠠᠷᠯᠠᠨ ᠮᠡᠳᠡᠭᠡᠯᠡᠯ ᠦᠨ ᠲᠥᠪ ᠦᠨ ᠰᠢᠭᠤᠷᠬᠠᠢ ᠤᠳᠤᠷᠢᠳᠤᠯᠭ᠎ᠠ ᠶᠢᠨ ᠣᠫᠧᠷᠠᠲ᠋ᠣᠷ ᠤᠨ ᠬᠣᠯᠪᠣᠭᠠᠨ ᠤ ᠲᠧᠭᠨᠢᠭ ᠬᠡᠷᠡᠭᠰᠡᠯ ᠠᠰᠢᠭᠯᠠᠬᠤ᠂ ᠮᠡᠷᠭᠡᠵᠢᠯ ᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠵᠣᠷᠢᠯᠭ᠎ᠠ ᠪᠠᠷ ᠶᠢᠰᠦᠳᠦᠭᠡᠷ ᠰᠠᠷ᠎ᠠ ᠶᠢᠨ 5-6 ᠍ ᠳᠦ ︽ᠷᠠᠳᠢᠣ᠋ ᠲᠤᠤᠷ ᠤᠨ ᠳᠠᠳᠤᠯᠭ᠎ᠠ ᠰᠤᠷᠭᠠᠭᠤᠯᠢ︾ ᠶᠢ ᠵᠣᠬᠢᠶᠠᠨ ᠪᠠᠶᠢᠭᠤᠯᠤᠯ᠎ᠠ᠃
ᠳᠠᠳᠤᠯᠭ᠎ᠠ ᠰᠤᠷᠭᠠᠭᠤᠯᠢ ᠶᠢ ᠲᠤᠰ ᠠᠶᠢᠮᠠᠭ ᠤᠨ ᠲᠠᠶᠢᠰᠢᠷᠢ ᠰᠤᠮᠤ ᠠᠴᠠ ᠵᠡᠭᠦᠨ ᠤᠷᠤᠭᠰᠢ 12 ᠺᠢᠯᠣᠮᠧᠲ᠋ᠷ ᠦᠨ ᠵᠠᠢ ᠳᠤ ᠬᠡᠲᠦ ᠪᠣᠭᠣᠨᠢ ᠳᠣᠯᠭᠢᠶᠠᠨ ᠤ ᠠᠨᠲᠸᠨᠠ ᠰᠠᠭᠤᠷᠢᠯᠠᠭᠤᠯᠬᠤ᠂ ᠳᠠᠬᠢᠨ ᠳᠠᠮᠵᠢᠭᠤᠯᠤᠭᠴᠢ ᠪᠠᠷ ᠭᠠᠷ ᠰᠲ᠋ᠠᠨᠼ᠂ ᠠᠦ᠋ᠲ᠋ᠣᠮᠠᠰᠢᠨ ᠤ ᠰᠠᠭᠤᠷᠢᠨ ᠰᠲ᠋ᠠᠨᠼ ᠢ ᠠᠰᠢᠭᠯᠠᠨ ᠳᠣᠲᠣᠭᠠᠳᠤ ᠬᠣᠯᠪᠣᠭ᠎ᠠ ᠶᠢ ᠵᠣᠬᠢᠶᠠᠨ ᠪᠠᠶᠢᠭᠤᠯᠬᠤ᠂ ᠵᠠᠪᠬᠠᠨ᠂ ᠭᠤᠪᠢᠰᠦ᠋ᠮᠪᠤᠷ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠤᠨ ᠰᠢᠭᠤᠷᠬᠠᠢ ᠤᠳᠤᠷᠢᠳᠤᠯᠭ᠎ᠠ ᠶᠢᠨ ᠣᠫᠧᠷᠠᠲ᠋ᠣᠷ ᠲᠠᠢ ᠪᠣᠭᠣᠨᠢ ᠳᠣᠯᠭᠢᠶᠠᠨ ᠤ ᠰᠲ᠋ᠠᠨᠼ ᠢᠶᠠᠷ ᠷᠠᠳᠢᠣ᠋ ᠴᠢᠭ ᠦᠨ ᠠᠷᠭ᠎ᠠ ᠪᠠᠷ ᠬᠣᠯᠪᠣᠭᠠᠨ ᠳᠤ ᠤᠷᠤᠬᠤ ᠳᠠᠳᠤᠯᠭ᠎ᠠ ᠶᠢ ᠬᠢᠭᠰᠡᠨ ᠶᠤᠮ᠃