ᠡᠷᠳᠡᠮᠲᠡᠳ ︽ᠴᠢᠩᠭᠢᠰ ᠬᠠᠭᠠᠨ︾ ᠮᠦᠽᠧᠢ ᠪᠠᠶᠢᠭᠤᠯᠬᠤ ᠶᠢ ᠳᠡᠮᠵᠢᠵᠦ ᠪᠠᠶᠢᠨ᠎ᠠ  | News.MN

ᠡᠷᠳᠡᠮᠲᠡᠳ ︽ᠴᠢᠩᠭᠢᠰ ᠬᠠᠭᠠᠨ︾ ᠮᠦᠽᠧᠢ ᠪᠠᠶᠢᠭᠤᠯᠬᠤ ᠶᠢ ᠳᠡᠮᠵᠢᠵᠦ ᠪᠠᠶᠢᠨ᠎ᠠ 

ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠤᠨ ᠶᠠᠮᠤᠨ ᠠᠴᠠ ᠲᠥᠷᠥ ᠶᠢᠨ ᠣᠷᠳᠣᠨ ᠤ B ᠲᠠᠩᠬᠢᠮ ᠳᠤ 09 ᠳ᠋ᠤᠭᠡᠷ ᠰᠠᠷ᠎ᠠ ᠶᠢᠨ 16 ᠍ ᠳᠦ ︽ᠴᠢᠩᠭᠢᠰ ᠬᠠᠭᠠᠨ︾ ᠬᠠᠭᠠᠳ ᠤᠨ ᠮᠦᠽᠧᠢ ᠪᠠᠶᠢᠭᠤᠯᠬᠤ ᠠᠰᠠᠭᠤᠳᠠᠯ ᠢᠶᠠᠷ ᠡᠷᠳᠡᠮᠲᠡᠳ ᠦᠨ ᠵᠥᠪᠯᠡᠯᠳᠦᠬᠦ ᠠᠭᠤᠯᠵᠠᠯᠲᠠ᠂ ᠬᠡᠯᠡᠯᠴᠡᠭᠦᠯᠭᠡ ᠶᠢ ᠵᠣᠬᠢᠶᠠᠨ ᠪᠠᠶᠢᠭᠤᠯᠤᠯ᠎ᠠ᠃ ᠠᠭᠤᠯᠵᠠᠯᠲᠠ ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠣᠷᠣᠯᠴᠠᠵᠤ᠂ ᠵᠠᠰᠠᠭ ᠤᠨ ᠭᠠᠵᠠᠷ ᠤᠨ ᠪᠠᠶᠢᠷᠢ ᠰᠠᠭᠤᠷᠢ ᠶᠢ ᠢᠯᠡᠷᠬᠡᠶᠢᠯᠡᠪᠡ᠃ ︽ᠴᠢᠩᠭᠢᠰ ᠬᠠᠭᠠᠨ︾ ᠬᠠᠭᠠᠳ ᠤᠨ ᠮᠦᠽᠧᠢ ᠶᠢ ᠪᠠᠷᠢᠬᠤ ᠪᠠᠷᠢᠯᠭ᠎ᠠ ᠶᠢᠨ ᠬᠡᠯᠪᠡᠷᠢ ᠬᠢᠴᠡ᠂ ᠭᠠᠵᠠᠷ ᠤᠨ ᠪᠠᠶᠢᠷᠢᠰᠢᠯ᠂ ᠦᠵᠡᠭᠦᠯᠦᠯᠭᠡ᠂ ᠦᠵᠡᠪᠦᠷᠢ ᠶᠢᠨ ᠳᠢᠭᠯᠡᠯᠲᠡ᠂ ᠲᠠᠩᠬᠢᠮ ᠤᠨ ᠬᠤᠪᠢᠶᠠᠷᠢᠯᠠᠯᠲᠠ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠡᠷᠳᠡᠮᠲᠡᠳ ᠣᠯᠠᠨ ᠶᠠᠩᠵᠤ ᠶᠢᠨ ᠪᠠᠶᠢᠷᠢ ᠰᠠᠭᠤᠷᠢ ᠢᠯᠡᠷᠬᠡᠶᠢᠯᠡᠵᠦ ᠪᠠᠶᠢᠭᠰᠠᠨ ᠴᠤ ︽ᠴᠢᠩᠭᠢᠰ ᠬᠠᠭᠠᠨ︾ ᠬᠠᠭᠠᠳ ᠤᠨ ᠮᠦᠽᠧᠢ ᠶᠢ ᠪᠠᠶᠢᠭᠤᠯᠬᠤ ᠲᠤᠬᠠᠢ ᠳᠤ ᠰᠠᠨᠠᠯ ᠨᠢᠭᠡᠲᠡᠢ ᠳᠡᠮᠵᠢᠵᠦ ᠪᠠᠶᠢᠪᠠ᠃ ᠾᠦᠩᠨᠤ ᠭᠦᠷᠦᠨ ᠦ ᠬᠠᠭᠠᠨ ᠮᠣᠳᠣᠨ ᠱᠠᠨ ᠢᠦᠢ ᠠᠴᠠ ᠨᠠᠢᠮᠠᠳᠤᠭᠠᠷ ᠪᠣᠭᠳᠠ ᠵᠢᠪᠽᠤᠨᠳᠠᠮᠪᠠ ᠬᠤᠲᠤᠭᠲᠤ ᠬᠠᠭᠠᠨ ᠰᠢᠷᠡᠭᠡᠨ ᠡᠴᠡ ᠪᠡᠨ ᠪᠠᠭᠤᠬᠤ ᠬᠦᠷᠲᠡᠯᠡᠬᠢ ᠦᠶ᠎ᠡ ᠶᠢᠨ ᠮᠣᠩᠭᠣᠯ ᠤᠨ ᠬᠠᠭᠠᠳ ᠤᠨ ᠲᠡᠦᠬᠡ ᠶᠢ ᠲᠤᠰ ᠮᠦᠽᠧᠢ ᠳᠦ ᠬᠠᠷᠠᠭᠤᠯᠬᠤ ᠪᠦᠭᠡᠳ ᠡᠭᠦᠪᠡᠷ ᠳᠠᠮᠵᠢᠭᠤᠯᠵᠤ᠂ ᠶᠡᠬᠡ ᠮᠣᠩᠭᠣᠯ ᠤᠯᠤᠰ ᠤᠨ ᠡᠵᠡᠨ ᠪᠣᠭᠳᠠ ᠴᠢᠩᠭᠢᠰ ᠬᠠᠭᠠᠨ ᠠᠽᠢᠶ᠎ᠠ ᠳᠤ᠂ ᠳᠡᠯᠡᠬᠡᠢ ᠶᠢᠨ ᠬᠦᠭᠵᠢᠯ ᠳᠦ᠂ ᠴᠢᠨᠠᠭᠰᠢᠯᠠᠭᠠᠳ ᠬᠦᠮᠦᠨ ᠲᠥᠷᠦᠯᠬᠢᠲᠡᠨ ᠦ ᠲᠡᠦᠬᠡᠨ ᠳᠦ ᠣᠶᠤᠨ ᠰᠠᠨᠠᠭᠠᠨ ᠤ ᠣᠯᠤᠯᠲᠠ᠂ ᠳᠡᠪᠰᠢᠯ ᠢ ᠬᠡᠷᠬᠢᠨ ᠭᠠᠷᠭᠠᠵᠤ ᠢᠷᠡᠭᠰᠡᠨ ᠪᠤᠢ ᠭᠡᠳᠡᠭ ᠢ ᠲᠣᠳᠣ ᠬᠠᠷᠠᠭᠤᠯᠬᠤ ᠶᠣᠰᠣᠲᠠᠢ ᠭᠡᠵᠤ ᠡᠷᠳᠡᠮᠲᠡᠳ ᠦᠵᠡᠵᠦ ᠪᠠᠶᠢᠨ᠎ᠠ᠃
︽ᠴᠢᠩᠭᠢᠰ ᠬᠠᠭᠠᠨ︾ ᠬᠠᠭᠠᠳ ᠤᠨ ᠮᠦᠽᠧᠢ ᠶᠢᠨ ᠵᠢᠷᠤᠭ ᠤᠨ ᠲᠥᠰᠥᠯ ᠢ ᠠᠷᠬᠢᠲ᠋ᠧᠺᠲ᠋ᠣᠷ ᠳ∙ᠪᠠᠯᠳᠠᠨ ᠬᠢᠭᠰᠡᠨ ᠪᠠᠶᠢᠨ᠎ᠠ᠃ ᠲᠥᠷᠥ ᠶᠢᠨ ᠣᠷᠳᠣᠨ ᠤ ᠪᠠᠷᠠᠭᠤᠨ ᠬᠣᠶᠢᠨ᠎ᠠ ᠪᠤᠶᠤ  ᠪᠠᠶᠢᠭᠠᠯᠢ ᠶᠢᠨ ᠲᠡᠦᠬᠡ ᠶᠢᠨ ᠮᠦᠽᠧᠢ ᠪᠠᠶᠢᠷᠢᠯᠠᠵᠤ ᠪᠠᠶᠢᠭᠰᠠᠨ ᠭᠠᠵᠠᠷ ᠲᠤ ᠲᠤᠰ ᠮᠦᠽᠧᠢ ᠶᠢ ᠰᠢᠨ᠎ᠡ ᠪᠡᠷ ᠪᠠᠶᠢᠭᠤᠯᠬᠤ ᠪᠥᠭᠡᠳ ᠡᠨᠡ ᠪᠠᠶᠢᠷᠢᠰᠢᠯ ᠢ  ᠦᠭᠡᠷᠡᠴᠢᠯᠡᠬᠦ ᠦᠭᠡᠢ ᠭᠡᠳᠡᠭ ᠢᠶᠡᠨ ᠶᠡᠷᠦᠩᠬᠡᠢ ᠰᠠᠶᠢᠳ ᠤ᠊∙ᠬᠦᠷᠡᠯᠰᠦ᠋ᠬᠡ ᠬᠡᠯᠡᠭᠰᠡᠨ᠃ ᠭᠠᠳᠠᠭᠠᠳᠤ ᠬᠢᠴᠡ᠂ ᠬᠡᠯᠪᠡᠷᠢ ᠶᠢ ᠳᠠᠬᠢᠨ ᠬᠡᠯᠡᠯᠴᠡᠵᠦ᠂ ᠡᠷᠳᠡᠮᠲᠡᠳ ᠦᠨ ᠰᠠᠨᠠᠯ ᠢ ᠲᠤᠰᠬᠠᠨ ᠭᠡᠷ ᠬᠡᠯᠪᠡᠷᠢ ᠳᠦ ᠤᠷᠤᠭᠤᠯᠬᠤ ᠡᠰᠡᠬᠦ ᠵᠡᠷᠭᠡ ᠠᠰᠠᠭᠤᠳᠠᠯ ᠢ ᠰᠤᠳᠤᠯᠵᠤ ᠲᠠᠨᠢᠯᠴᠠᠭᠤᠯᠬᠤ ᠶᠢ ᠵᠢᠷᠤᠭ ᠲᠥᠰᠥᠯ ᠦᠨ ᠪᠠᠭ ᠤᠨ ᠬᠢᠨ ᠳᠤ ᠡᠭᠦᠷᠭᠡ ᠪᠣᠯᠭᠠᠪᠠ᠃ ᠵᠠᠰᠠᠭ ᠤᠨ ᠭᠠᠵᠠᠷ ᠠᠴᠠ ᠪᠦᠬᠦ ᠲᠠᠯ᠎ᠠ ᠪᠠᠷ ᠳᠡᠮᠵᠢᠵᠦ ᠠᠵᠢᠯᠯᠠᠨ᠎ᠠ ᠭᠡᠪᠡ᠃

ᠰᠡᠳᠬᠢᠭᠳᠡᠯ ᠦᠯᠡᠳᠡᠭᠡᠬᠦ