ᠮᠤᠩᠭᠤᠯ ᠠᠷᠠᠳ ᠤᠨ ᠨᠠᠮ ᠤᠨ ᠳᠡᠷᠭᠡᠳᠡᠬᠢ ᠨᠡᠶᠢᠭᠡᠮ ᠤᠨ ᠠᠷᠠᠳᠴᠢᠯᠠᠯ ᠮᠣᠩᠭᠣᠯ ᠤᠨ ᠡᠮᠡᠭᠲᠡᠶᠢᠴᠦᠳ ᠦᠨ ᠬᠣᠯᠪᠣᠭᠠᠨ ᠤ ᠡᠭᠡᠯᠵᠢᠲᠦ ᠴᠢᠭᠤᠯᠭᠠᠨ ᠡᠨᠡ ᠫᠦᠷᠪᠦ ᠭᠠᠷᠠᠭ ᠲᠤ ᠬᠤᠷᠠᠯᠳᠤᠬᠤ ᠪᠠᠷ ᠪᠣᠯᠵᠠᠢ᠃ ᠲᠤᠰ ᠬᠣᠯᠪᠣᠭ᠎ᠠ ᠨᠢ ᠳᠦᠷᠢᠮ ᠶᠣᠰᠣᠭᠠᠷ ᠳᠥᠷᠪᠡᠨ ᠵᠢᠯ ᠳᠦ ᠨᠢᠭᠡ ᠬᠤᠷᠠᠯᠳᠤᠳᠠᠭ ᠴᠤ ᠬᠤᠷᠠᠯᠳᠤᠵᠤ ᠴᠢᠳᠠᠬᠤ ᠦᠭᠡᠢ ᠪᠠᠶᠢᠭᠰᠠᠭᠠᠷ ᠡᠳᠦᠢ ᠶᠢ ᠬᠦᠷᠦᠭᠰᠡᠨ ᠪᠠᠶᠢᠨ᠎ᠠ᠃ ᠶᠡᠬᠡ ᠬᠤᠷᠠᠯ ᠢᠶᠠᠷ ᠢᠶᠠᠨ ᠶᠡᠷᠦᠩᠬᠡᠶᠢᠯᠡᠭᠴᠢ ᠪᠡᠨ ᠰᠤᠯᠢᠵᠤ᠂ ᠳᠦᠷᠢᠮ ᠵᠢᠷᠤᠮ ᠢᠶᠠᠨ ᠰᠢᠨᠡᠳᠭᠡᠬᠦ ᠡᠰᠡᠬᠦ ᠠᠰᠠᠭᠤᠳᠠᠯ ᠢ ᠬᠡᠯᠡᠯᠴᠡᠳᠡᠭ ᠪᠠᠶᠢᠨ᠎ᠠ᠃
ᠨᠡᠶᠢᠭᠡᠮ ᠤᠨ ᠠᠷᠠᠳᠴᠢᠯᠠᠯ ᠮᠣᠩᠭᠣᠯ ᠤᠨ ᠡᠮᠡᠭᠲᠡᠶᠢᠴᠦᠳ ᠦᠨ ᠬᠣᠯᠪᠣᠭᠠᠨ ᠤ ᠦᠶ᠎ᠡ ᠦᠶ᠎ᠡ ᠶᠢᠨ ᠶᠡᠷᠦᠩᠬᠡᠶᠢᠯᠡᠭᠴᠢ ᠳᠦ᠂ 1994-2011 ᠣᠨ ᠤ 6 ᠰᠠᠷ᠎ᠠ ᠬᠦᠷᠲᠡᠯ᠎ᠡ ᠳ᠂ ᠠᠯᠲᠠᠢ ᠂2011-2014 ᠣᠨ ᠤ 01 ᠰᠠᠷ᠎ᠠ ᠬᠦᠷᠲᠡᠯ᠎ᠡ ᠳ᠂ ᠤᠶᠤᠨᠬᠤᠷᠯᠤ ᠂ 2014 ᠣᠨ ᠡᠴᠡ ᠥᠨᠥ ᠶᠢ ᠬᠦᠷᠲᠡᠯ᠎ᠡ ᠼ᠂ ᠴᠤᠭᠵᠢᠯᠮᠠ ᠰᠣᠩᠭᠣᠭᠳᠠᠨ ᠠᠵᠢᠯᠯᠠᠵᠤ ᠪᠠᠶᠢᠨ᠎ᠠ᠃ ᠣᠯᠠᠨ ᠨᠡᠶᠢᠲᠡ ᠶᠢᠨ ᠰᠦᠯᠵᠢᠶᠡᠨ ᠳᠦ ᠨᠡᠶᠢᠭᠡᠮ ᠤᠨ ᠠᠷᠠᠳᠴᠢᠯᠠᠯ ᠮᠣᠩᠭᠣᠯ ᠤᠨ ᠡᠮᠡᠭᠲᠡᠶᠢᠴᠦᠳ ᠦᠨ ᠬᠣᠯᠪᠣᠭᠠᠨ ᠤ ᠶᠡᠷᠦᠩᠬᠡᠶᠢᠯᠡᠭᠴᠢ ᠳᠦ ᠡᠷᠡᠭᠦᠯ ᠮᠡᠨᠳᠦ ᠶᠢᠨ ᠰᠠᠶᠢᠳ ᠳ∙ᠰᠠᠷᠠᠨᠭᠡᠷᠡᠯ᠂ ᠤᠯᠤᠰ ᠤᠨ ᠶᠡᠬᠡ ᠬᠤᠷᠠᠯ ᠤᠨ ᠭᠡᠰᠢᠭᠦᠨ ᠼ∙ᠭᠠᠷᠮᠠᠵᠠᠪ᠂ ᠤᠯᠤᠰ ᠤᠨ ᠶᠡᠬᠡ ᠬᠤᠷᠠᠯ ᠤᠨ ᠭᠡᠰᠢᠭᠦᠨ ᠮ∙ᠣᠶᠤᠨᠴᠢᠮᠡᠭ᠂ ᠰᠠᠩ ᠤᠨ ᠳᠡᠳ᠋ ᠰᠠᠶᠢᠳ ᠬ∙ᠪᠤᠯᠠᠭᠠᠨᠲᠤᠶᠠᠭ᠎ᠠ ᠨᠠᠷ ᠨᠡᠷ᠎ᠡ ᠳᠡᠪᠰᠢᠭᠡᠳ ᠪᠠᠶᠢᠭ᠎ᠠ ᠲᠤᠬᠠᠢ ᠪᠢᠴᠢᠭᠡᠳ ᠪᠠᠶᠢᠭ᠎ᠠ ᠶᠤᠮ᠃