ᠮᠣᠩᠭᠣᠯ ᠤᠨ ᠴᠤᠶᠢᠵᠢᠨ ᠯᠠᠮᠠ ᠶᠢᠨ ᠰᠦᠮ᠎ᠡ ᠮᠦᠽᠧᠢ ᠳᠡᠯᠡᠬᠡᠢ ᠶᠢᠨ 25 ᠳᠤᠷᠠᠰᠬᠠᠯᠲᠤ ᠭᠠᠵᠠᠷ ᠤᠨ ᠨᠢᠭᠡ ᠪᠡᠷ ᠰᠣᠩᠭᠣᠭᠳᠠᠵᠠᠢ᠃ ᠳᠡᠯᠡᠬᠡᠢ ᠶᠢᠨ ᠥᠨᠴᠥᠭ ᠪᠤᠯᠤᠩ ᠪᠦᠷᠢ ᠡᠴᠡ 250 ᠳᠤᠷᠠᠰᠬᠠᠯᠲᠤ ᠭᠠᠵᠠᠷ ᠤᠳ ᠥᠷᠢᠰᠦᠯᠳᠦᠭᠰᠡᠨ ᠡᠴᠡ ᠮᠣᠩᠭᠣᠯ ᠤᠨ ᠤᠷᠠᠯᠢᠭ ᠤᠨ ᠵᠥᠪᠯᠡᠯ ᠡᠴᠡ ᠳᠡᠪᠰᠢᠭᠦᠯᠦᠭᠰᠡᠨ ᠴᠤᠶᠢᠵᠢᠨ ᠯᠠᠮᠠ ᠶᠢᠨ ᠰᠦᠮ᠎ᠡ ᠮᠦᠽᠧᠢ 25 ᠳᠤᠷᠠᠰᠬᠠᠯᠲᠤ ᠭᠠᠵᠠᠷ ᠤᠨ ᠨᠢᠭᠡ ᠪᠡᠷ ᠰᠣᠩᠭᠣᠭᠳᠠᠭᠰᠠᠨ ᠢ World Monuments Fund ᠰᠠᠩ ᠠᠴᠠ 10.30 ᠳᠤ ᠵᠠᠷᠯᠠᠯ᠎ᠠ᠃ ᠤᠭ ᠬᠥᠲᠥᠯᠪᠦᠷᠢ ᠶᠢ ᠡᠭᠦᠰᠬᠡᠨ ᠪᠠᠶᠢᠭᠤᠯᠤᠭᠴᠢ American Express ᠪᠣᠯᠤᠨ Stavros Niarchos ᠰᠠᠩ᠂ Ford ᠰᠠᠩ ᠠᠴᠠ ᠣᠯᠭᠣᠬᠤ ᠨᠡᠶᠢᠲᠡ 1.6 ᠰᠠᠶ᠎ᠠ ᠳ᠋ᠣᠯᠯᠠᠷ ᠤᠨ ᠰᠠᠩᠬᠦᠦᠵᠢᠯᠲᠡ ᠪᠠᠷ ᠰᠤᠶᠤᠯ ᠤᠨ ᠥᠪ ᠢ ᠬᠠᠮᠠᠭᠠᠯᠠᠬᠤ ᠲᠥᠰᠥᠯ ᠦᠳ ᠢ ᠬᠡᠷᠡᠭᠵᠢᠭᠦᠯᠬᠦ ᠠᠵᠠᠢ᠃
ᠠᠮᠧᠷᠢᠺᠠ ᠶᠢᠨ ᠳᠤᠷᠠᠰᠬᠠᠯᠲᠤ ᠤᠷᠠᠨ ᠪᠠᠷᠢᠯᠭ᠎ᠠ ᠶᠢᠨ ᠰᠡᠷᠭᠦᠭᠡᠨ ᠵᠠᠰᠠᠪᠤᠷᠢᠯᠠᠯᠲᠠ ᠶᠢᠨ ᠠᠷᠬᠢᠲ᠋ᠧᠺᠲ᠋ᠣᠷ ᠰᠲ᠋ᠢᠸᠧᠨ ᠺᠧᠯᠯᠢ 2019 ᠣᠨ ᠳᠤ ᠴᠤᠶᠢᠵᠢᠨ ᠯᠠᠮᠠ ᠶᠢᠨ ᠰᠦᠮ᠎ᠡ ᠮᠦᠽᠧᠢ ᠶᠢᠨ ᠪᠠᠷᠢᠯᠭ᠎ᠠ ᠶᠢᠨ ᠨᠥᠬᠥᠴᠡᠯ ᠪᠠᠶᠢᠳᠠᠯ ᠤᠨ ᠰᠤᠳᠤᠯᠭᠠᠨ ᠢ ᠬᠢᠵᠦ᠂ ᠬᠠᠳᠠᠭᠠᠯᠠᠯᠲᠠ ᠬᠠᠮᠠᠭᠠᠯᠠᠯᠲᠠ ᠶᠢᠨ ᠮᠧᠨᠧᠵᠮᠧᠨᠲ ᠲᠥᠯᠥᠪᠯᠡᠭᠡ ᠶᠢ ᠣᠯᠠᠨ ᠤᠯᠤᠰ ᠤᠨ ᠰᠲ᠋ᠠᠨᠳᠠᠷᠲ ᠤᠨ ᠳᠠᠭᠠᠤ ᠪᠣᠯᠪᠠᠰᠤᠷᠠᠭᠤᠯᠵᠤ ᠪᠠᠶᠢᠭ᠎ᠠ ᠶᠤᠮ ᠪᠠᠶᠢᠨ᠎ᠠ᠃ ᠡᠨᠡ ᠬᠦᠴᠦᠨ ᠴᠢᠷᠮᠠᠶᠢᠯᠲᠠ ᠶᠢ ᠳᠡᠮᠵᠢᠵᠦ᠂ ᠳᠡᠭᠡᠷᠡᠬᠢ ᠰᠠᠩ ᠠᠴᠠ ᠴᠤᠶᠢᠵᠢᠨ ᠯᠠᠮᠠ ᠶᠢᠨ ᠰᠦᠮ᠎ᠡ ᠮᠦᠽᠧᠢ ᠶᠢ ᠣᠯᠠᠨ ᠤᠯᠤᠰ ᠤᠨ ᠠᠩᠬᠠᠷᠤᠯ ᠤᠨ ᠲᠥᠪ ᠲᠦ ᠠᠪᠴᠢᠷᠠᠵᠤ᠂ ᠰᠡᠷᠭᠦᠭᠡᠨ ᠵᠠᠰᠠᠪᠤᠷᠢᠯᠠᠯᠲᠠ ᠶᠢᠨ ᠲᠠᠯᠠᠭᠠᠷᠬᠢ ᠲᠧᠭᠨᠢᠭ ᠦᠨ ᠲᠤᠰᠠᠯᠠᠯᠴᠠᠭ᠎ᠠ ᠪᠣᠯᠤᠨ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠶᠢ ᠬᠣᠶᠠᠷ ᠵᠢᠯ ᠦᠨ ᠲᠤᠷᠰᠢ ᠶᠠᠪᠤᠭᠤᠯᠬᠤ ᠪᠣᠯᠵᠠᠢ᠃