ᠮᠣᠩᠭᠣᠯ ᠪᠠᠩᠬᠢ ᠡᠨᠡ ᠣᠨ ᠤ ᠡᠬᠢᠨ ᠦ ᠠᠷᠪᠠᠨ ᠰᠠᠷ᠎ᠠ ᠳᠤ 12.9 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠨᠢ ᠡᠮᠦᠨᠡᠬᠢ ᠣᠨ ᠤ ᠮᠥᠨ ᠦᠶ᠎ᠡ ᠶᠢᠨ ᠬᠢ ᠡᠴᠡ 4.9 ᠲᠣᠨ ᠢᠶᠠᠷ ᠪᠠᠭ᠎ᠠ ᠪᠤᠶᠤ 27 ᠬᠤᠪᠢ ᠪᠠᠷ ᠪᠠᠭᠠᠰᠤᠭᠰᠠᠨ ᠦᠵᠡᠭᠦᠯᠦᠯᠲᠡ ᠲᠡᠢ ᠪᠠᠶᠢᠨ᠎ᠠ᠃
ᠮᠣᠩᠭᠣᠯ ᠪᠠᠩᠬᠢ 10 ᠳ᠋ᠤᠭᠠᠷ ᠰᠠᠷ᠎ᠠ ᠳᠤ 1.7 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠪᠠ ᠡᠭᠦᠨ ᠡᠴᠡ ᠳᠠᠷᠬᠠᠨ-ᠠᠭᠤᠯᠠ ᠠᠶᠢᠮᠠᠭ ᠳᠠᠬᠢ ᠮᠣᠩᠭᠣᠯ ᠪᠠᠩᠭᠢᠨ ᠣ ᠬᠡᠯᠲᠡᠰ 51.8 ᠺᠢᠯᠦᠭᠷᠡᠮ ᠦᠨᠡᠲᠦ ᠮᠧᠲ᠋ᠠᠯ᠂ ᠪᠠᠶᠠᠨᠬᠣᠩᠭᠣᠷ ᠠᠶᠢᠮᠠᠭ ᠳᠠᠬᠢ ᠰᠠᠯᠪᠤᠷᠢ 58.7 ᠺᠢᠯᠦᠭᠷᠡᠮ ᠦᠨᠡᠲᠦ ᠮᠧᠲ᠋ᠠᠯ ᠢ ᠬᠤᠳᠠᠯᠳᠤᠵᠤ ᠠᠪᠤᠭᠰᠠᠨ ᠨᠢ ᠡᠮᠦᠨᠡᠬᠢ ᠣᠨ ᠤ ᠮᠥᠨ ᠦᠶ᠎ᠡ ᠶᠢᠨ ᠬᠢ ᠡᠴᠡ 1.7 ᠲᠣᠨ ᠢᠶᠠᠷ ᠪᠠᠭᠤᠷᠠᠭᠰᠠᠨ ᠦᠵᠡᠭᠦᠯᠦᠯᠲᠡ ᠶᠤᠮ᠃ ᠡᠨᠡ ᠰᠠᠷ᠎ᠠ ᠳᠤ 1 ᠭᠷᠠᠮ ᠠᠯᠲᠠ ᠬᠤᠳᠠᠯᠳᠤᠨ ᠠᠪᠬᠤ ᠮᠣᠩᠭᠣᠯ ᠪᠠᠩᠭᠢᠨ ᠤ ᠳᠤᠮᠳᠠᠴᠢ ᠦᠨ᠎ᠡ 128362.91 ᠲᠥᠭᠥᠷᠢᠭ ᠪᠠᠶᠢᠯ᠎ᠠ᠃