ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠤᠨ ᠪᠦᠯᠦᠭ ᠦᠨ ᠡᠭᠡᠯᠵᠢᠲᠦ ᠬᠤᠷᠠᠯ ᠢᠶᠠᠷ ᠬᠡᠯᠡᠯᠴᠡᠭᠰᠡᠨ ᠠᠰᠠᠭᠤᠳᠠᠯ ᠤᠨ ᠲᠠᠯ᠎ᠠ ᠪᠠᠷ ᠮᠡᠳᠡᠭᠡᠯᠡᠯ ᠬᠢᠯ᠎ᠡ ᠃ ᠪᠦᠯᠦᠭ ᠦᠨ ᠳᠠᠷᠤᠭ᠎ᠠ ᠳ∙ᠲᠣᠭᠲᠠᠬᠤᠰᠦ᠋ᠷᠦᠩ᠄ ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠭᠤᠷᠪᠠᠳᠤᠭᠠᠷ ᠬᠡᠯᠡᠯᠴᠡᠭᠦᠯᠭᠡ ᠶᠢ ᠶᠠᠪᠤᠭᠤᠯᠬᠤ ᠠᠰᠠᠭᠤᠳᠠᠯ ᠢ ᠬᠡᠯᠡᠯᠴᠡᠯ᠎ᠡ᠃ ᠦᠨᠳᠦᠰᠦᠨ ᠬᠠᠤᠯᠢ ᠳᠤ ᠥᠭᠡᠷᠡᠴᠢᠯᠡᠯᠲᠡ ᠤᠷᠤᠭᠤᠯᠬᠤ ᠠᠰᠠᠭᠤᠳᠠᠯ ᠢ 2019 ᠣᠨ ᠤ ᠵᠢᠷᠭᠤᠳᠤᠭᠠᠷ ᠰᠠᠷ᠎ᠠ ᠶᠢᠨ 12 ᠠᠴᠠ ᠬᠣᠶᠢᠰᠢ ᠶᠠᠷᠢᠵᠤ ᠪᠠᠶᠢᠭ᠎ᠠ᠃ ᠡᠨᠡ ᠳᠣᠯᠣᠭ᠎ᠠ ᠬᠣᠨᠣᠭ ᠲᠤ ᠭᠤᠷᠪᠠᠳᠤᠭᠠᠷ ᠬᠡᠯᠡᠯᠴᠡᠭᠦᠯᠭᠡ ᠶᠢ ᠶᠠᠪᠤᠭᠤᠯᠵᠤ ᠳᠠᠭᠤᠰᠬᠠᠬᠤ ᠬᠤᠪᠢᠶᠠᠷᠢ ᠲᠠᠢ ᠪᠠᠶᠢᠭ᠎ᠠ᠃
ᠮᠤᠩᠭᠤᠯ ᠠᠷᠠᠳ ᠤᠨ ᠨᠠᠮ ᠤᠨ ᠪᠦᠯᠦᠭ ᠭᠤᠷᠪᠠᠳᠤᠭᠠᠷ ᠬᠡᠯᠡᠯᠴᠡᠭᠦᠯᠭᠡ ᠪᠡᠷ ᠦᠨᠳᠦᠰᠦᠨ ᠬᠠᠤᠯᠢ ᠶᠢᠨ ᠥᠭᠡᠷᠡᠴᠢᠯᠡᠯᠲᠡ ᠶᠢ ᠪᠠᠲᠤᠯᠠᠶ᠎ᠠ ᠭᠡᠳᠡᠭ ᠳᠡᠭᠡᠷ᠎ᠡ 100 ᠬᠤᠪᠢ ᠰᠠᠨᠠᠯ ᠨᠢᠭᠡᠳᠦᠭᠰᠡᠨ᠃ ᠠᠷᠠᠳᠴᠢᠯᠠᠭᠰᠠᠨ ᠠᠴᠠ ᠲᠠᠯᠪᠢᠭᠰᠠᠨ ᠭᠤᠷᠪᠠᠨ ᠰᠠᠨᠠᠯ ᠢ ᠨᠢᠭᠡ ᠪᠥᠷᠢᠴᠢᠯᠡᠨ ᠬᠡᠯᠡᠯᠴᠡᠭᠰᠡᠨ᠃ ᠨᠢᠭᠡᠳᠦᠭᠡᠷ ᠲᠦ᠂ ᠶᠡᠷᠦᠩᠬᠡᠢ ᠰᠠᠶᠢᠳ ᠲᠠᠩᠬᠢᠮ ᠢᠶᠠᠨ ᠥᠪᠡᠷ ᠢᠶᠡᠨ ᠪᠦᠷᠢᠳᠦᠭᠦᠯᠬᠦ ᠭᠡᠳᠡᠭ ᠰᠠᠨᠠᠯ ᠢ ᠪᠦᠯᠦᠭ ᠦᠨ ᠭᠡᠰᠢᠭᠦᠳ ᠳᠡᠮᠵᠢᠭᠰᠡᠨ᠃ ᠬᠤᠶᠠᠳᠠᠬᠢ ᠰᠠᠨᠠᠯ ᠰᠣᠩᠭᠣᠭᠤᠯᠢ ᠶᠢᠨ ᠬᠣᠯᠢᠮᠠᠭ ᠲᠣᠭᠲᠠᠯᠴᠠᠭ᠎ᠠ ᠲᠠᠢ ᠬᠣᠯᠪᠣᠭ᠎ᠠ ᠲᠠᠢ᠃ ᠪᠦᠯᠦᠭ ᠦᠨ ᠣᠯᠠᠩᠬᠢ ᠰᠣᠩᠭᠣᠭᠤᠯᠢ ᠶᠢ ᠬᠣᠯᠢᠮᠠᠭ ᠲᠣᠭᠲᠠᠯᠴᠠᠭ᠎ᠠ ᠪᠠᠷ ᠶᠠᠪᠤᠭᠤᠯᠬᠤ ᠶᠢ ᠳᠡᠮᠵᠢᠭᠰᠡᠨ᠃ ᠥᠭᠡᠷ᠎ᠡ ᠪᠡᠷ ᠬᠡᠯᠡᠪᠡᠯ᠂ ᠫᠷᠣᠫᠤᠷᠼᠢᠶᠣᠨᠠᠯ᠂ ᠮᠠᠵᠤᠷᠢᠲ᠋ᠠᠷ ᠰᠢᠰᠲ᠋ᠧᠮ ᠦᠨ ᠬᠣᠯᠢᠮᠠᠭ ᠢᠶᠠᠷ ᠰᠣᠩᠭᠣᠭᠤᠯᠢ ᠪᠠᠨ ᠶᠠᠪᠤᠭᠤᠯᠤᠨ᠎ᠠ ᠂ ᠡᠨᠡ ᠰᠠᠨᠠᠯ ᠢ 2024 ᠣᠨ ᠠᠴᠠ ᠬᠡᠷᠡᠭᠵᠢᠭᠦᠯᠦᠶ᠎ᠡ ᠭᠡᠵᠦ ᠲᠣᠭᠲᠠᠭᠰᠠᠨ᠃ ᠠᠷᠠᠳᠴᠢᠯᠠᠭᠰᠠᠨ᠍ ᠠᠴᠠ ᠲᠠᠯᠪᠢᠭᠰᠠᠨ ᠭᠤᠷᠪᠠᠳᠠᠬᠢ ᠰᠠᠨᠠᠯ ᠪᠣᠯᠬᠤ ᠶᠡᠷᠦᠩᠬᠡᠶᠢᠯᠡᠭᠴᠢ ᠶᠢ ᠫᠠᠷᠯᠠᠮᠸᠨᠲ ᠠᠴᠠ ᠰᠣᠩᠭᠣᠳᠠᠭ ᠪᠣᠯᠬᠤ ᠠᠰᠠᠭᠤᠳᠠᠯ ᠳᠡᠭᠡᠷ᠎ᠡ ᠪᠦᠯᠦᠭ ᠡᠴᠦᠰ ᠦᠨ ᠰᠢᠢᠳ ᠭᠠᠷᠭᠠᠭ᠎ᠠ ᠦᠭᠡᠢ᠃ ᠡᠨᠡ ᠵᠢᠭᠠᠯᠲᠠ ᠶᠢᠨ ᠬᠡᠷᠡᠭᠵᠢᠬᠦ ᠬᠤᠭᠤᠴᠠᠭ᠎ᠠ ᠶᠢ 2025 ᠣᠨ ᠠᠴᠠ ᠭᠡᠵᠦ ᠶᠠᠷᠢᠵᠤ ᠪᠠᠶᠢᠭ᠎ᠠ᠃ ᠥᠨᠥ᠂ ᠮᠠᠷᠭᠠᠰᠢ ᠵᠥᠪᠰᠢᠯᠴᠡᠯ ᠦᠷᠭᠦᠯᠵᠢᠯᠡᠨ᠎ᠡ᠃ ᠵᠥᠪᠰᠢᠯᠴᠡᠯ ᠦᠨ ᠠᠵᠢᠯ ᠤᠨ ᠬᠡᠰᠡᠭ ᠳᠡᠭᠡᠷ᠎ᠡ ᠭᠤᠷᠪᠠᠳᠠᠬᠢ ᠰᠠᠨᠠᠯ ᠢ ᠶᠠᠷᠢᠬᠤ ᠨᠢ ᠵᠦᠢᠲᠡᠢ ᠭᠡᠵᠦ ᠦᠵᠡᠯ᠎ᠡ᠃ ᠱᠠᠭᠠᠷᠳᠠᠯᠭ᠎ᠠ ᠲᠠᠢ ᠭᠡᠪᠡᠯ ᠪᠦᠯᠦᠭ ᠳᠠᠬᠢᠨ ᠬᠤᠷᠠᠯᠳᠤᠨ᠎ᠠ᠃ ᠦᠨᠳᠦᠰᠦᠨ ᠬᠠᠤᠯᠢ ᠶᠢᠨ ᠥᠭᠡᠷᠡᠴᠢᠯᠡᠯᠲᠡ ᠶᠢᠨ ᠬᠡᠷᠡᠭᠵᠢᠬᠦ ᠬᠤᠭᠤᠴᠠᠭᠠᠨ ᠤ ᠲᠤᠬᠠᠢ ᠳᠤ ᠬᠠᠤᠯᠢ ᠶᠢᠨ ᠲᠥᠰᠥᠯ ᠳ᠋ᠡᠬᠢ 2020 ᠣᠨ ᠤ ᠲᠠᠪᠤᠳᠤᠭᠠᠷ ᠰᠠᠷ᠎ᠠ ᠶᠢᠨ 25 ᠭᠡᠰᠡᠨ ᠬᠤᠭᠤᠴᠠᠭ᠎ᠠ ᠶᠢ ᠦᠭᠡᠷᠡᠴᠢᠯᠡᠬᠦ ᠦᠭᠡᠢ ᠭᠡᠳᠡᠭ ᠪᠠᠶᠢᠷᠢ ᠰᠠᠭᠤᠷᠢ ᠲᠠᠢ ᠪᠠᠶᠢᠭ᠎ᠠ᠃ ᠭᠡᠬᠦ ᠳᠦ ᠪᠡᠨ ᠵᠠᠷᠢᠮ ᠵᠢᠭᠠᠯᠲᠠ ᠶᠢᠨ ᠬᠡᠷᠡᠭᠵᠢᠬᠦ ᠬᠤᠭᠤᠴᠠᠭ᠎ᠠ ᠥᠭᠡᠷ᠎ᠡ᠂ ᠥᠭᠡᠷ᠎ᠡ ᠭᠡᠪᠡ᠃