ᠠᠷᠠᠳᠴᠢᠯᠠᠭᠰᠠᠨ ᠨᠠᠮ ᠍ ᠤᠨ ᠳᠠᠷᠤᠭ᠎ᠠ ᠰ∙ᠡᠷᠳᠡᠨᠢ᠂ ᠳᠡᠳ᠋ ᠳᠠᠷᠤᠭ᠎ᠠ ᠷ∙ᠠᠮᠤᠷᠵᠢᠷᠭᠠᠯ᠂ ᠪ∙ ᠳᠡᠯᠭᠡᠷᠮ᠎ᠠ ᠲᠡᠷᠢᠭᠦᠲᠡᠢ ᠨᠠᠮ ᠤᠨ ᠤᠳᠤᠷᠢᠳᠬᠤ ᠪᠦᠷᠢᠯᠳᠦᠬᠦᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠺᠤᠮᠮᠤᠨᠢᠰᠲ ᠨᠠᠮ ᠤᠨ ᠤᠷᠢᠯᠭ᠎ᠠ ᠪᠠᠷ ᠲᠤᠰ ᠤᠯᠤᠰ ᠲᠤ ᠠᠵᠢᠯ ᠤᠨ ᠠᠶᠢᠯᠴᠢᠯᠠᠯ ᠬᠢᠯ᠎ᠡ᠃ ᠠᠯᠪᠠᠨ ᠤ ᠲᠥᠯᠥᠭᠡᠯᠡᠭᠴᠢᠳ ᠢ ᠬᠢᠲᠠᠳ ᠤᠨ ᠺᠤᠮᠮᠤᠨᠢᠰᠲ ᠨᠠᠮ ᠤᠨ ᠲᠥᠪ ᠬᠤᠷᠠᠯ ᠤᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠳᠡᠳ᠋ ᠳᠠᠷᠤᠭ᠎ᠠ ᠸᠠᠩ ᠴᠸᠨ ᠬᠦᠯᠢᠶᠡᠨ ᠠᠪᠴᠤ ᠠᠭᠤᠯᠵᠠᠯ᠎ᠠ᠃
ᠲᠡᠷᠡ ᠲᠥᠯᠥᠭᠡᠯᠡᠭᠴᠢᠳ ᠦᠨ ᠪᠦᠷᠢᠯᠳᠦᠬᠦᠨ ᠳᠦ ᠪᠠᠶᠠᠷ ᠬᠦᠷᠭᠡᠭᠡᠳ ᠂ ᠠᠷᠠᠳᠴᠢᠯᠠᠯ ᠤᠨ ᠵᠠᠮ ᠢ ᠠᠮᠵᠢᠯᠲᠠᠲᠠᠢ ᠬᠡᠷᠡᠭᠵᠢᠭᠦᠯᠵᠦ ᠪᠤᠢ ᠮᠣᠩᠭᠣᠯ ᠤᠯᠤᠰ ᠠᠴᠠ ᠰᠤᠷᠤᠯᠴᠠᠬᠤ ᠵᠦᠢᠯ ᠶᠡᠬᠡ᠃ ᠮᠠᠨ ᠤ ᠬᠤᠶᠠᠷ ᠣᠷᠣᠨ ᠤ ᠬᠠᠷᠢᠯᠴᠠᠭ᠎ᠠ ᠲᠡᠦᠬᠡᠨ ᠳᠦ ᠪᠠᠶᠢᠭ᠎ᠠ ᠦᠭᠡᠢ ᠲᠠᠭᠠᠲᠠᠢ ᠦᠶ᠎ᠡ ᠳᠦ ᠪᠡᠨ ᠬᠥᠭᠵᠢᠵᠦ ᠪᠠᠶᠢᠭ᠎ᠠ ᠳᠤ ᠬᠣᠶᠠᠷ ᠲᠠᠯ᠎ᠠ ᠶᠢᠨ ᠲᠡᠷᠡ ᠳᠤᠮᠳᠠ ᠪᠠᠨ ᠠᠷᠠᠳᠴᠢᠯᠠᠭᠰᠠᠨ ᠨᠠᠮ ᠤᠨ ᠬᠦᠴᠦᠨ ᠴᠢᠷᠮᠠᠶᠢᠯᠲᠠ ᠶᠢ ᠥᠨᠳᠥᠷ ᠢᠶᠡᠷ ᠦᠨᠡᠯᠡᠵᠦ ᠪᠠᠶᠢᠭ᠎ᠠ ᠪᠠᠨ ᠢᠯᠡᠷᠬᠡᠶᠢᠯᠡᠯ᠎ᠡ᠃