600 ᠲᠣᠯᠣᠭᠠᠢ ᠦᠨᠢᠶ᠎ᠡ ᠪᠦᠬᠦᠢ ᠰᠦᠨ ᠦ ᠺᠯᠠᠰᠲ᠋ᠸᠷ ᠪᠠᠶᠢᠭᠤᠯᠤᠨ᠎ᠠ  | News.MN

    600 ᠲᠣᠯᠣᠭᠠᠢ ᠦᠨᠢᠶ᠎ᠡ ᠪᠦᠬᠦᠢ ᠰᠦᠨ ᠦ ᠺᠯᠠᠰᠲ᠋ᠸᠷ ᠪᠠᠶᠢᠭᠤᠯᠤᠨ᠎ᠠ 

ᠮᠣᠩᠭᠣᠯ ᠤᠯᠤᠰ ᠲᠤ ᠰᠦᠨ ᠦ ᠺᠯᠠᠰᠲ᠋ᠸᠷ ᠪᠠᠶᠢᠭᠤᠯᠬᠤ ᠴᠢᠭᠯᠡᠯ ᠳᠦ ᠬᠠᠮᠲᠤᠷᠠᠨ ᠠᠵᠢᠯᠯᠠᠬᠤ ᠲᠤᠬᠠᠢ ᠮᠣᠩᠭᠣᠯ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤᠨ ᠂ ᠪᠦᠭᠦᠳᠡ ᠨᠠᠶᠢᠷᠠᠮᠳᠠᠬᠤ  ᠪᠸᠯᠠᠷᠤᠰ ᠤᠯᠤᠰ ᠤᠨ ᠬᠥᠳᠡᠭᠡ ᠠᠵᠤ ᠠᠬᠤᠢ᠂ ᠬᠦᠨᠡᠰᠦᠨ ᠦ ᠶᠠᠮᠤᠨ ᠬᠣᠭᠣᠷᠣᠨᠳᠣ ᠶᠢᠨ ᠬᠡᠯᠡᠯᠴᠡᠭᠡᠷ ᠢ ᠮᠢᠨᠰᠺ ᠬᠤᠲᠠ ᠳᠤ ᠪᠠᠶᠢᠭᠤᠯᠤᠯ᠎ᠠ᠃

ᠰᠡᠭᠦᠯ ᠦᠨ ᠵᠢᠯ ᠦᠳ ᠲᠦ ᠮᠠᠨ ᠤ ᠤᠯᠤᠰ ᠤᠨ ᠮᠠᠯ ᠤᠨ ᠲᠣᠭ᠎ᠠ ᠲᠣᠯᠣᠭᠠᠢ ᠥᠰᠦᠨ ᠨᠡᠮᠡᠭᠳᠡᠬᠦ ᠶᠢᠨ ᠵᠡᠷᠭᠡᠴᠡᠭᠡ ᠪᠡᠯᠴᠢᠭᠡᠷ ᠦᠨ ᠳᠠᠭᠠᠭᠠᠴᠠ ᠬᠡᠲᠦᠷᠡᠬᠦ ᠂ ᠴᠢᠨᠠᠭᠰᠢᠯᠠᠭᠠᠳ ᠭᠠᠵᠠᠷ ᠲᠠᠷᠢᠶᠠᠯᠠᠩ ᠤᠨ ᠰᠠᠯᠪᠤᠷᠢ ᠶᠢ ᠬᠥᠭᠵᠢᠭᠦᠯᠬᠦ ᠳᠦ ᠤᠷᠭᠤᠴᠠ ᠶᠢᠨ ᠭᠠᠷᠴᠠ ᠳᠤ ᠨᠦᠯᠦᠭᠡᠯᠡᠬᠦ᠂ ᠬᠥᠷᠦᠰᠦᠨ ᠦ ᠦᠷᠡᠵᠢᠯ ᠰᠢᠮ᠎ᠡ ᠠᠯᠳᠠᠭᠳᠠᠵᠤ ᠳᠤᠷᠤᠶᠢᠲᠠᠬᠤ ᠵᠡᠷᠭᠡ ᠰᠥᠷᠭᠦ ᠦᠷ᠎ᠡ ᠳᠠᠭᠠᠪᠤᠷᠢ ᠨᠤᠭᠤᠳ ᠡᠭᠦᠰᠴᠦ ᠪᠠᠶᠢᠨ᠎ᠠ᠃
ᠡᠭᠦᠨ ᠲᠡᠢ ᠬᠣᠯᠪᠣᠭᠳᠠᠭᠤᠯᠤᠨ ᠮᠣᠩᠭᠣᠯ ᠤᠯᠤᠰ ᠤᠨ ᠵᠠᠰᠠᠭ ᠤᠨ ᠭᠠᠵᠠᠷ  ᠡᠨᠡ ᠣᠨ ᠤ ᠨᠢᠭᠡᠳᠦᠭᠡᠷ ᠰᠠᠷ᠎ᠠ ᠳᠤ  ︽ᠡᠷᠴᠢᠮᠵᠢᠭᠰᠡᠨ ᠮᠠᠯ ᠠᠵᠤ ᠠᠬᠤᠢ ᠶᠢᠨ ᠬᠥᠭᠵᠢᠯ ᠢ ᠳᠡᠮᠵᠢᠬᠦ ᠦᠨᠳᠦᠰᠦᠨ ᠦ ᠬᠥᠲᠥᠯᠪᠦᠷᠢ︾ ᠶᠢ ᠪᠠᠲᠤᠯᠠᠭᠰᠠᠨ ᠃ ᠤᠭ ᠬᠥᠲᠥᠯᠪᠦᠷᠢ ᠶᠢᠨ ᠬᠦᠷᠢᠶᠡᠨ ᠳᠦ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠪᠸᠯᠠᠷᠤᠰ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠡᠺᠰᠫᠣᠷᠲ ᠤᠨ ᠵᠢᠭᠡᠯᠡ ᠶᠢᠨ ᠬᠥᠷᠥᠩᠭᠡ ᠪᠡᠷ ᠮᠣᠩᠭᠣᠯ ᠤᠯᠤᠰ ᠲᠤ 600 ᠲᠣᠯᠣᠭᠠᠢ ᠦᠨᠢᠶ᠎ᠡ ᠪᠦᠬᠦᠢ ᠬᠡᠳᠦ ᠬᠡᠳᠦᠨ ᠰᠦᠨ ᠦ ᠺᠯᠠᠰᠲ᠋ᠸᠷ ᠪᠠᠶᠢᠭᠤᠯᠬᠤ ᠲᠥᠰᠥᠯ ᠬᠡᠷᠡᠭᠵᠢᠭᠦᠯᠬᠦ ᠪᠡᠷ ᠲᠥᠯᠥᠪᠯᠡᠵᠦ᠂ ᠬᠣᠶᠠᠷ ᠲᠠᠯ᠎ᠠ ᠠᠴᠠ ᠠᠵᠢᠯ ᠤᠨ ᠬᠡᠰᠡᠭ ᠪᠠᠶᠢᠭᠤᠯᠤᠭᠳᠠᠨ ᠠᠵᠢᠯᠯᠠᠵᠤ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ