ᠵᠦᠴᠦᠭᠡᠴᠢᠨ ᠭ∙ᠤᠨᠳᠤᠷᠮ᠎ᠠ ᠰᠤᠶᠤᠯ ᠤᠷᠠᠯᠢᠭ ᠤᠨ ᠰᠠᠯᠪᠤᠷᠢ ᠶᠢᠨ ︽ᠠᠯᠤᠩᠭᠤᠸ᠎ᠠ︾ ᠱᠠᠩᠨᠠᠯ ᠬᠦᠷᠲᠡᠵᠡᠢ᠃ ᠲᠡᠷᠡᠪᠡᠷ ᠥᠩᠭᠡᠷᠡᠭᠰᠡᠨ ᠬᠤᠭᠤᠴᠠᠭᠠᠨ ᠳᠤ 490 ᠭᠠᠷᠤᠢ ᠰᠠᠶ᠎ᠠ ᠲᠥᠭᠥᠷᠢᠭ ᠦᠨ ᠬᠠᠨᠳᠢᠪ ᠴᠤᠭᠯᠠᠭᠤᠯᠵᠤ᠂ ᠥᠪᠡᠷ ᠡᠴᠡ ᠪᠡᠨ 100 ᠭᠠᠷᠤᠢ ᠰᠠᠶ᠎ᠠ ᠲᠥᠭᠥᠷᠢᠭ ᠦᠨ ᠬᠥᠷᠥᠩᠭᠡ ᠣᠷᠣᠭᠤᠯᠤᠯᠲᠠ ᠬᠢᠵᠦ᠂ ᠡᠮᠨᠡᠯᠭᠡ ᠨᠦᠭᠦᠳ ᠦᠨ ᠬᠦᠯᠢᠶᠡᠨ ᠠᠪᠬᠤ ᠲᠠᠩᠬᠢᠮ ᠢ ᠵᠠᠰᠠᠵᠤ ᠲᠣᠬᠢᠵᠢᠭᠤᠯᠤᠭᠰᠠᠨ ᠪᠠᠶᠢᠨ᠎ᠠ᠃ ᠰᠣᠨᠢᠷᠬᠠᠭᠤᠯᠬᠤ ᠳᠤ᠂ ᠲᠡᠷᠡᠪᠡᠷ 2013 ᠣᠨ ᠳᠤ ᠤᠯᠤᠰ ᠤᠨ ᠨᠢᠭᠡᠳᠦᠭᠡᠷ ᠲᠥᠪ ᠡᠮᠨᠡᠯᠭᠡ ᠶᠢᠨ ᠶᠠᠭᠠᠷᠠᠯᠲᠠᠢ ᠲᠤᠰᠠᠯᠠᠮᠵᠢ ᠶᠢᠨ ᠲᠦᠪ ᠲᠦ ᠡᠬᠢᠨ ᠦ ︽ᠢᠲᠡᠭᠡᠯ ᠦᠨ ᠲᠠᠩᠬᠢᠮ︾ ᠢᠶᠠᠨ ᠨᠡᠭᠡᠭᠡᠵᠦ᠂ ᠲᠤᠰ ᠡᠮᠨᠡᠯᠭᠡ ᠶᠢᠨ 220 ᠲᠡᠭᠰᠢ ᠳᠦᠷᠪᠡᠯᠵᠢᠨ ᠮᠧᠲ᠋ᠷ ᠲᠠᠯᠠᠪᠠᠢ ᠪᠦᠬᠦᠢ ᠲᠠᠩᠬᠢᠮ ᠤᠳ ᠢ 88.9 ᠰᠠᠶ᠎ᠠ ᠲᠥᠭᠥᠷᠢᠭ ᠢᠶᠡᠷ ᠰᠢᠨᠡᠴᠢᠯᠡᠵᠦ᠂ ᠲᠣᠬᠢᠵᠢᠭᠤᠯᠵᠤ ᠥᠭᠭᠦᠭᠰᠡᠨ᠃ ᠮᠥᠨ ᠳᠠᠷᠠᠭ᠎ᠠ ᠵᠢᠯ ᠨᠢ ᠡᠬᠡ ᠬᠡᠤᠬᠡᠳ ᠤᠨ᠍ ᠡᠷᠡᠭᠦᠯ ᠮᠡᠨᠳᠦ ᠶᠢᠨ ᠦᠨᠳᠦᠰᠦᠨ ᠦ ᠲᠦᠪ ᠦᠨ ᠬᠡᠦᠬᠡᠳ ᠦᠨ ᠵᠦᠪᠯᠡᠬᠦ ᠫᠣᠯᠢᠺᠯᠢᠨᠢᠺ ᠤᠨ ᠬᠦᠯᠢᠶᠡᠯᠭᠡ ᠶᠢᠨ ᠲᠠᠩᠬᠢᠮ ᠢ ᠵᠠᠰᠠᠵᠤ ᠲᠣᠬᠢᠵᠢᠭᠤᠯᠤᠭᠰᠠᠨ᠃
ᠲᠡᠭᠦᠨ ᠡᠴᠡ ᠬᠣᠶᠢᠰᠢ ᠰᠣᠩᠭᠢᠨ᠎ᠠ ᠬᠠᠶᠢᠷᠬᠠᠨ ᠳᠡᠭᠦᠷᠭᠡ ᠶᠢᠨ ᠡᠷᠡᠭᠦᠯ ᠮᠡᠨᠳᠦ ᠶᠢᠨ ᠲᠥᠪ ᠦᠨ ᠬᠠᠷᠢᠶ᠎ᠠ ᠪᠠᠶᠠᠨᠬᠣᠰᠢᠭᠤ ᠳ᠋ᠡᠬᠢ ᠰᠠᠯᠪᠤᠷᠢ ᠡᠮᠨᠡᠯᠭᠡ ᠶᠢᠨ ᠬᠡᠦᠬᠡᠳ ᠦᠨ ᠡᠮᠴᠢ ᠶᠢᠨ ᠥᠷᠥᠭᠡ᠂ ᠸᠠᠺᠼᠢᠨ ᠲᠠᠷᠢᠬᠤ ᠰᠤᠪᠢᠯᠠᠭᠴᠢ ᠶᠢᠨ ᠥᠷᠥᠭᠡ᠂ ᠬᠠᠨ ᠠᠭᠤᠯᠠ ᠳᠡᠭᠦᠷᠭᠡ ᠶᠢᠨ ᠨᠢᠭᠡᠳᠦᠭᠰᠡᠨ ᠡᠮᠨᠡᠯᠭᠡ ᠶᠢᠨ ᠬᠡᠦᠬᠡᠳ ᠦᠨ ᠲᠠᠰᠤᠭ ᠢ ᠢᠵᠢ ᠪᠦᠷᠢᠨ ᠵᠠᠰᠠᠪᠤᠷᠢᠯᠠᠭᠰᠠᠨ ᠪᠢᠯᠡ᠃ ᠬᠠᠮᠤᠭ ᠤᠨ ᠰᠡᠭᠦᠯ ᠳᠦ ᠪᠠᠶᠠᠨᠬᠣᠩᠭᠣᠷ ᠠᠶᠢᠮᠠᠭ ᠤᠨ ᠨᠢᠭᠡᠳᠦᠭᠰᠡᠨ ᠡᠮᠨᠡᠯᠭᠡ ᠶᠢᠨ ᠶᠠᠭᠠᠷᠠᠯᠲᠠᠢ ᠲᠤᠰᠠᠯᠠᠮᠵᠢ ᠦᠵᠡᠭᠦᠯᠬᠦ ᠲᠠᠰᠤᠭ ᠢ ᠵᠠᠰᠠᠪᠤᠷᠢᠯᠠᠨ ᠲᠣᠬᠢᠵᠢᠭᠤᠯᠵᠤ᠂ ᠨᠠᠢᠮᠠᠳᠠᠬᠢ ᠲᠥᠰᠥᠯ ᠢᠶᠡᠨ ᠠᠮᠵᠢᠯᠲᠠᠲᠠᠢ ᠬᠡᠷᠡᠭᠵᠢᠭᠦᠯᠦᠭᠡᠳ ᠪᠠᠶᠢᠭ᠎ᠠ ᠶᠤᠮ ᠃