ᠨᠡᠶᠢᠰᠯᠡᠯᠴᠦᠳ ᠦᠨ ᠡᠪᠦᠯ᠂ ᠬᠠᠪᠤᠷ ᠤᠨ ᠤᠯᠠᠷᠢᠯ ᠤᠨ ᠬᠡᠷᠡᠭᠯᠡᠭᠡᠨ ᠳᠦ ᠵᠣᠷᠢᠭᠤᠯᠵᠤ 20 ᠮᠢᠩᠭᠠᠨ ᠲᠣᠨ ᠮᠢᠬ᠎ᠠ ᠨᠥᠭᠡᠴᠡᠯᠡᠬᠦ ᠪᠡᠷ ᠲᠥᠯᠥᠪᠯᠡᠭᠡᠳ ᠪᠤᠢ᠃ ᠤᠭ ᠠᠵᠢᠯ ᠳᠤ 11 ᠲᠡᠷᠪᠤᠮ ᠲᠥᠭᠥᠷᠢᠭ ᠱᠠᠭᠠᠷᠳᠠᠯᠭ᠎ᠠ ᠲᠠᠢ ᠭᠡᠰᠡᠨ ᠲᠣᠭᠠᠴᠠᠭ᠎ᠠ ᠭᠠᠷᠴᠠᠢ᠃
ᠮᠣᠩᠭᠣᠯ ᠤᠯᠤᠰ ᠵᠢᠯ ᠪᠦᠷᠢ 12 ᠭᠠᠷᠤᠢ ᠮᠢᠩᠭᠠᠨ ᠲᠣᠨ ᠮᠢᠬ᠎ᠠ ᠳᠣᠲᠣᠭᠠᠳᠤ ᠶᠢᠨ ᠮᠢᠬᠠᠨ ᠤ ᠬᠡᠷᠡᠭᠴᠡᠭᠡᠨ ᠳᠦ ᠨᠥᠭᠡᠴᠡᠯᠡᠳᠡᠭ ᠪᠠᠶᠢᠭᠰᠠᠨ ᠪᠣᠯ ᠥᠩᠭᠡᠷᠡᠭᠰᠡᠨ ᠣᠨ ᠳᠤ ᠣᠭᠴᠣᠮ ᠪᠠᠭᠤᠷᠠᠵᠤ ᠂ ᠳᠥᠷᠪᠡᠨ ᠲᠣᠨ ᠮᠢᠬ᠎ᠠ ᠨᠥᠭᠡᠴᠡᠯᠡᠭᠰᠡᠨ᠃ ᠪᠠᠭ᠎ᠠ ᠮᠢᠬ᠎ᠠ ᠨᠥᠭᠡᠴᠡᠯᠡᠭᠰᠡᠨ ᠰᠢᠯᠲᠠᠭᠠᠨ ᠨᠢ ᠰᠠᠩᠬᠦᠦᠵᠢᠯᠲᠡ ᠲᠡᠢ ᠬᠣᠯᠪᠣᠭ᠎ᠠ ᠲᠠᠢ᠃ ᠥᠩᠭᠡᠷᠡᠭᠰᠡᠨ ᠵᠢᠯ ᠪᠠᠩᠬᠢ ᠨᠤᠭᠤᠳ ᠤᠨ ᠱᠠᠭᠠᠷᠳᠠᠯᠭ᠎ᠠ ᠶᠢ ᠠᠵᠤ ᠠᠬᠤᠢ ᠶᠢᠨ ᠨᠢᠭᠡᠴᠡ ᠨᠦᠭᠦᠳ ᠬᠠᠩᠭᠠᠭ᠎ᠠ ᠦᠭᠡᠢ ᠶᠢᠨ ᠤᠯᠠᠮ ᠠᠴᠠ ᠰᠠᠩᠬᠦᠦᠵᠢᠯᠲᠡ ᠠᠪᠴᠤ ᠴᠢᠳᠠᠭ᠎ᠠ ᠦᠭᠡᠢ ᠲᠤᠯᠠ ᠮᠢᠬᠠᠨ ᠤ ᠪᠡᠯᠡᠳᠬᠡᠯ ᠪᠠᠭ᠎ᠠ ᠪᠠᠶᠢᠪᠠ᠃ ᠲᠡᠭᠡᠪᠡᠯ ᠡᠨᠡ ᠣᠨ ᠳᠤ 20 ᠲᠣᠨ ᠮᠢᠬ᠎ᠠ ᠪᠡᠯᠡᠳᠬᠡᠬᠦ ᠳᠦ ᠡᠷᠲᠡᠨ ᠡᠴᠡ ᠪᠡᠯᠡᠳᠦᠭᠰᠡᠨ ᠶᠤᠮ ᠃ ᠥᠭᠡᠷ᠎ᠡ ᠪᠡᠷ ᠬᠡᠯᠡᠪᠡᠯ᠂ ᠠᠷᠠᠯᠵᠢᠶᠠᠨ ᠤ ᠪᠠᠩᠬᠢᠨ ᠤ ᠡᠬᠢ ᠡᠭᠦᠰᠪᠦᠷᠢ ᠪᠡᠷ ᠮᠠᠯ᠂ ᠮᠢᠬ᠎ᠠ ᠪᠡᠯᠡᠳᠬᠡᠬᠦ ᠳᠦ ᠵᠢᠭᠡᠯᠡ ᠶᠢᠨ ᠬᠦᠦ ᠶᠢᠨ ᠬᠥᠩᠭᠡᠯᠡᠯᠲᠡ ᠶᠢᠨ ᠬᠤᠪᠢ ᠬᠡᠮᠵᠢᠶ᠎ᠡ᠂ ᠵᠢᠭᠡᠯᠡ ᠶᠢᠨ ᠬᠤᠭᠤᠴᠠᠭ᠎ᠠ ᠶᠢ ᠮᠣᠩᠭᠣᠯ ᠪᠠᠩᠬᠢᠨ ᠤ ᠪᠣᠳᠣᠯᠭ᠎ᠠ ᠶᠢᠨ ᠬᠦᠦ ᠪᠣᠯᠤᠨ ᠣᠷᠣᠯᠴᠠᠭᠴᠢ ᠠᠵᠤ ᠠᠬᠤᠢ ᠶᠢᠨ ᠨᠢᠭᠡᠴᠡ ᠨᠦᠭᠦᠳ ᠲᠡᠢ ᠲᠣᠬᠢᠷᠠᠯᠴᠠᠨ ᠵᠢᠯ ᠪᠦᠷᠢ ᠲᠣᠭᠲᠠᠭᠠᠵᠤ ᠪᠠᠶᠢᠬᠤ ᠪᠣᠯᠪᠠ᠃