ᠥᠪᠦᠷᠬᠠᠩᠭᠠᠢ ᠠᠶᠢᠮᠠᠭ ᠲᠤ ᠣᠷᠣᠨ ᠨᠤᠲᠤᠭ ᠤᠨ ᠬᠥᠭᠵᠢᠯ ᠦᠨ ᠰᠠᠩ ᠤᠨ ᠬᠥᠷᠥᠩᠭᠡ ᠣᠷᠣᠭᠤᠯᠤᠯᠲᠠ ᠪᠠᠷ ᠪᠠᠷᠢᠵᠤ ᠪᠤᠢ ︽ᠤᠰᠤᠨ ᠰᠫᠣᠷᠲ ᠤᠨ ᠴᠣᠭᠴᠠᠯᠠᠪᠤᠷᠢ ︾ ᠪᠣᠯᠤᠨ ᠭᠤᠳᠤᠮᠵᠢ᠂ ᠲᠠᠯᠠᠪᠠᠢ ᠶᠢᠨ ᠺᠠᠮᠧᠷᠵᠢᠭᠤᠯᠤᠯᠲᠠ ᠶᠢᠨ ᠥᠷᠭᠡᠳᠬᠡᠯ ᠳᠦ ᠬᠢᠨᠠᠯᠲᠠ ᠰᠢᠯᠭᠠᠯᠲᠠ᠂ ᠦᠨᠡᠯᠡᠭᠡ ᠬᠢᠬᠦ ᠠᠵᠢᠯ ᠤᠨ ᠬᠡᠰᠡᠭ ᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠬᠤᠷᠠᠯᠳᠤᠭᠠᠨ ᠢᠶᠠᠷ ᠪᠠᠶᠢᠭᠤᠯᠤᠭᠰᠠᠨ᠃ ᠠᠵᠢᠯ ᠤᠨ ᠬᠡᠰᠡᠭ ᠳᠡᠭᠡᠷᠡᠬᠢ ᠬᠥᠷᠥᠩᠭᠡ ᠣᠷᠣᠭᠤᠯᠤᠯᠲᠠ ᠶᠢᠨ ᠠᠵᠢᠯ ᠤᠨ ᠴᠢᠨᠠᠷ᠂ ᠦᠷ᠎ᠡ ᠳ᠋ᠦᠩ ᠢ ᠦᠨᠡᠯᠡᠵᠦ᠂ ᠳ᠋ᠦᠩᠨᠡᠯᠲᠡ ᠭᠠᠷᠭᠠᠯ᠎ᠠ᠃ ᠡᠨᠡ ᠣᠨ ᠳᠤ ᠠᠷᠪᠠᠶᠢᠬᠡᠭᠡᠷ ᠰᠤᠮᠤ ᠶᠢᠨ 9 ᠴᠡᠭ ᠲᠦ 22 ᠺᠠᠮᠧᠷ ᠪᠠᠶᠢᠷᠢᠰᠢᠭᠤᠯᠤᠭᠰᠠᠨ ᠪᠥᠭᠡᠳ 2013 ᠣᠨ ᠠᠴᠠ ᠬᠣᠶᠢᠰᠢ 54 ᠴᠡᠭ ᠲᠦ 138 ᠺᠠᠮᠧᠷ ᠢ ᠰᠠᠭᠤᠷᠢᠯᠠᠭᠤᠯᠤᠭᠠᠳ ᠪᠠᠶᠢᠨ᠎ᠠ᠃ ᠴᠢᠨᠠᠭᠰᠢᠳᠠ ᠺᠠᠮᠧᠷ ᠤᠨ ᠠᠰᠢᠭᠯᠠᠯᠲᠠ ᠶᠢ ᠰᠠᠶᠢᠵᠢᠷᠠᠭᠤᠯᠵᠤ᠂ ᠢᠷᠭᠡᠳ ᠦᠨ ᠬᠦᠰᠡᠯᠲᠡ ᠶᠢᠨ ᠳᠠᠭᠠᠤ ᠰᠢᠭᠦᠵᠦ᠂ ᠮᠡᠳᠡᠭᠡᠯᠡᠯ ᠥᠭᠴᠦ ᠠᠵᠢᠯᠯᠠᠬᠤ ᠱᠠᠭᠠᠷᠳᠠᠯᠭ᠎ᠠ ᠲᠠᠢ ᠶᠢ ᠠᠵᠢᠯ ᠤᠨ ᠬᠡᠰᠡᠭ ᠡᠴᠡ ᠰᠠᠨᠠᠭᠤᠯᠤᠯ᠎ᠠ᠃
ᠤᠰᠤᠨ ᠰᠫᠣᠷᠲ ᠰᠤᠷᠭᠠᠯᠲᠠ ᠶᠢᠨ ᠲᠥᠪ ᠢ ︽ᠥᠪᠦᠷᠬᠠᠩᠭᠠᠢ МТХ︾ ᠺᠤᠮᠫᠠᠨᠢ ᠪᠠᠷᠢᠬᠤ ᠭᠡᠷ᠎ᠡ ᠪᠠᠶᠢᠭᠤᠯᠵᠤ ᠡᠨᠡ ᠣᠨ ᠤ 4 ᠳ᠋ᠤᠭᠡᠷ ᠰᠠᠷ᠎ᠠ ᠳᠤ ᠠᠵᠢᠯ ᠢᠶᠠᠨ ᠡᠬᠢᠯᠡᠭᠰᠡᠨ᠃ ᠭᠡᠪᠡᠴᠦ ᠲᠥᠯᠥᠪᠯᠡᠭᠰᠡᠨ ᠬᠤᠭᠤᠴᠠᠭᠠᠨ ᠳᠤ ᠪᠠᠨ ᠪᠠᠷᠢᠯᠭ᠎ᠠ ᠶᠢ ᠠᠰᠢᠭᠯᠠᠯᠲᠠ ᠳᠤ ᠣᠷᠣᠭᠤᠯᠵᠤ ᠠᠮᠵᠢᠭ᠎ᠠ ᠦᠭᠡᠢ ᠪᠠᠶᠢᠨ᠎ᠠ᠃ ᠪᠸᠲ᠋ᠤᠨ ᠵᠠᠭᠤᠷᠮᠠᠭ ᠨᠡᠶᠢᠯᠡᠭᠦᠯᠦᠭᠴᠢ ᠺᠣᠮᠫᠠᠨᠢ ᠶᠢᠨ ᠬᠠᠷᠢᠭᠤᠴᠠᠯᠭ᠎ᠠ ᠦᠭᠡᠢ ᠦᠢᠯᠡ ᠠᠵᠢᠯᠯᠠᠭᠠᠨ ᠠᠴᠠ ᠪᠣᠯᠵᠤ᠂ ᠪᠠᠷᠢᠯᠭ᠎ᠠ ᠶᠢᠨ ᠤᠭᠰᠠᠷᠠᠯᠲᠠ ᠶᠢᠨ ᠠᠵᠢᠯ ᠢᠳᠡ ᠤᠷᠢᠨ ᠴᠠᠭ ᠢᠶᠠᠷ ᠬᠣᠶᠠᠷ ᠰᠠᠷ᠎ᠠ ᠣᠷᠴᠢᠮ ᠵᠣᠭᠰᠣᠭᠰᠠᠨ ᠨᠢ ᠲᠥᠯᠥᠪᠯᠡᠭᠰᠡᠨ ᠬᠤᠭᠤᠴᠠᠭ᠎ᠠ ᠬᠡᠲᠦᠷᠡᠬᠦ ᠨᠥᠬᠥᠴᠡᠯ ᠪᠣᠯᠵᠠᠢ᠃