ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ 2020 ᠣᠨ ᠤ 01 ᠳ᠋ᠤᠭᠡᠷ ᠰᠠᠷ᠎ᠠ ᠶᠢᠨ 08 ᠍ ᠤ ᠡᠳᠦᠷ ᠪᠣᠯᠵᠤ ᠳᠠᠷᠠᠭᠠᠬᠢ ᠠᠰᠠᠭᠤᠳᠠᠯ ᠤᠳ ᠢ ᠬᠡᠯᠡᠯᠴᠡᠨ ᠰᠢᠢᠳᠪᠦᠷᠢ ᠭᠠᠷᠭᠠᠯ᠎ᠠ᠃
ᠮᠣᠩᠭᠣᠯ ᠤᠯᠤᠰ ᠤᠨ ᠵᠠᠰᠠᠭ ᠤᠨ ᠭᠠᠵᠠᠷ ᠠᠴᠠ АИ-92 ᠰᠢᠲᠠᠬᠤᠨ ᠤ ᠦᠨ᠎ᠡ ᠶᠢ ᠲᠣᠭᠲᠠᠪᠤᠷᠢᠲᠠᠢ ᠪᠠᠶᠢᠯᠭᠠᠬᠤ ᠡᠭᠦᠳᠡᠨ ᠡᠴᠡ ᠡᠷᠡᠰᠳᠡᠯ ᠦᠨ ᠰᠠᠩ ︵Hedge Fund ︶ ᠪᠠᠶᠢᠭᠤᠯᠬᠤ ᠪᠠᠷ ᠰᠢᠢᠳᠪᠦᠷᠢᠯᠡᠵᠦ᠂ ᠦᠨ᠎ᠡ ᠶᠢᠨ ᠥᠰᠦᠯᠲᠡ ᠡᠴᠡ ᠤᠷᠢᠳᠴᠢᠯᠠᠨ ᠰᠡᠷᠭᠡᠶᠢᠯᠡᠬᠦ ᠪᠣᠳᠣᠯᠭ᠎ᠠ ᠶᠢᠨ ᠠᠷᠭ᠎ᠠ ᠬᠡᠮᠵᠢᠶ᠎ᠡ ᠠᠪᠤᠯ᠎ᠠ᠃ ᠰᠢᠲᠠᠬᠤᠨ ᠤ ᠦᠨ᠎ᠡ ᠶᠢ ᠲᠣᠭᠲᠠᠪᠤᠷᠢᠵᠢᠭᠤᠯᠬᠤ ᠨᠢ ᠳᠠᠷᠠᠭᠠᠬᠢ ᠦᠨᠳᠦᠰᠦᠨ ᠠᠴᠢ ᠬᠣᠯᠪᠣᠭᠳᠠᠯ ᠲᠠᠢ᠃ ᠡᠭᠦᠨ ᠳᠦ᠄ 1. ᠠᠷᠠᠳ ᠢᠷᠭᠡᠳ ᠦᠨ ᠨᠡᠶᠢᠲᠡᠯᠢᠭ ᠬᠡᠷᠡᠭᠯᠡᠭᠡᠨ ᠦ ᠰᠠᠭᠤᠷᠢ ᠪᠦᠲᠦᠭᠡᠭᠳᠡᠬᠦᠨ ᠪᠣᠯᠬᠤ АИ-92 ᠰᠢᠲᠠᠬᠤᠨ ᠤ ᠦᠨ᠎ᠡ ᠶᠢ ᠲᠣᠭᠲᠠᠪᠤᠷᠢᠵᠢᠭᠤᠯᠬᠤ ᠨᠢ ᠨᠡᠶᠢᠲᠡ ᠡᠳ᠋ ᠦᠨ ᠵᠠᠰᠠᠭ ᠲᠤ ᠡᠶᠡᠷᠭᠦ ᠠᠭᠤᠷ ᠠᠮᠢᠰᠬᠤᠯ ᠪᠦᠷᠢᠳᠬᠦ ᠪᠥᠭᠡᠳ ᠡᠳ᠋ ᠍ ᠦᠨ ᠵᠠᠰᠠᠭ ᠤᠨ ᠥᠰᠦᠯᠲᠡ ᠶᠢ ᠳᠡᠮᠵᠢᠬᠦ᠂ ᠪᠤᠰᠤᠳ ᠪᠠᠷᠠᠭ᠎ᠠ ᠪᠦᠲᠦᠭᠡᠭᠳᠡᠬᠦᠨ ᠦ ᠦᠨ᠎ᠡ ᠶᠢᠨ ᠥᠰᠦᠯᠲᠡ ᠶᠢ ᠵᠤᠭᠰᠤᠭᠠᠬᠤ ᠠᠴᠢ ᠬᠣᠯᠪᠣᠭᠳᠠᠯ ᠲᠠᠢ ᠃
2. ᠮᠣᠩᠭᠣᠯ ᠤᠯᠤᠰ ᠠᠩᠬ᠎ᠠ ᠤᠳᠠᠭ᠎ᠠ ᠳᠡᠯᠡᠬᠡᠢ ᠶᠢᠨ ᠵᠠᠬ᠎ᠠ ᠵᠡᠭᠡᠯᠢ ᠲᠡᠢ ᠤᠶᠠᠯᠳᠤᠭᠤᠯᠤᠨ ᠢᠮᠫᠣᠷᠲ ᠤᠨ ᠰᠢᠲᠠᠬᠤᠨ ᠤ ᠦᠨ᠎ᠡ ᠶᠢ ᠲᠣᠭᠲᠠᠪᠤᠷᠢᠵᠢᠭᠤᠯᠬᠤ ᠮᠧᠬᠠᠨᠢᠰᠮ ᠢ ᠨᠡᠪᠲᠡᠷᠡᠭᠦᠯᠦᠨ᠎ᠡ ᠃ 3. ᠮᠣᠩᠭᠣᠯ ᠤᠯᠤᠰ ᠤᠨ ᠵᠠᠰᠠᠭ ᠤᠨ ᠭᠠᠵᠠᠷ ᠤᠨ 2016-2020 ᠣᠨ ᠤ ᠦᠢᠯᠡ ᠠᠵᠢᠯᠯᠠᠭᠠᠨ ᠤ ᠬᠥᠲᠥᠯᠪᠦᠷᠢ ᠶᠢᠨ ︽ᠰᠢᠲᠠᠬᠤᠨ ᠤ ᠦᠨ᠎ᠡ ᠶᠢ ᠳᠡᠯᠡᠬᠡᠢ ᠶᠢᠨ ᠵᠠᠬ᠎ᠠ ᠵᠡᠭᠡᠯᠢ ᠶᠢᠨ ᠦᠨ᠎ᠡ ᠲᠡᠢ ᠤᠶᠠᠯᠳᠤᠭᠤᠯᠤᠨ ᠦᠨ᠎ᠡ ᠶᠢᠨ ᠳᠠᠷᠤᠮᠲᠠ ᠶᠢ ᠪᠠᠭᠤᠷᠠᠭᠤᠯᠤᠨ᠎ᠠ︾ ᠭᠡᠰᠡᠨ ᠨᠢ ᠬᠡᠷᠡᠭᠵᠢᠬᠦ ᠪᠣᠯᠤᠮᠵᠢ ᠲᠠᠢ ᠪᠣᠯᠵᠤ ᠪᠠᠶᠢᠨ᠎ᠠ ᠃ ᠡᠨᠡᠬᠦ ᠵᠣᠬᠢᠴᠠᠭᠤᠯᠤᠯᠲᠠ ᠶᠢ ᠬᠡᠷᠡᠭᠵᠢᠭᠦᠯᠬᠦ ᠳᠦ ᠤᠯᠤᠰ ᠤᠨ ᠲᠥᠰᠥᠪ ᠡᠴᠡ ᠰᠠᠩᠬᠦᠦᠵᠢᠯᠲᠡ ᠱᠠᠭᠠᠷᠳᠠᠭᠳᠠᠬᠤ ᠦᠭᠡᠢ ᠪᠥᠭᠡᠳ ᠲᠦᠯᠡᠰᠢ᠂ ᠰᠢᠲᠠᠬᠤᠨ ᠤ ᠢᠮᠫᠣᠷᠲᠯᠠᠭᠴᠢ ᠺᠣᠮᠫᠠᠨᠢ ᠨᠤᠭᠤᠳ ᠤᠨ ᠭᠠᠳᠠᠭᠠᠳᠤ ᠤᠯᠤᠰ ᠲᠠᠢ ᠬᠢᠭᠰᠡᠨ ᠠᠯᠢᠪᠠ ᠭᠡᠷ᠎ᠡ ᠬᠡᠯᠡᠴᠡᠯ ᠳᠦ ᠥᠭᠡᠷᠡᠴᠢᠯᠡᠯᠲᠡ ᠣᠷᠣᠬᠤ ᠦᠭᠡᠢ ᠶᠤᠮ᠃