ᠦᠨᠳᠦᠰᠦᠨ ᠪ ᠰᠲ᠋ᠠᠲ᠋ᠢᠰᠲ᠋ᠢᠺ ᠤᠨ ᠬᠤᠷᠢᠶ᠎ᠠ ᠡᠴᠠ ᠮᠡᠳᠡᠭᠡᠯᠡᠭᠰᠡᠨ ᠵᠢᠨᠷ ᠂ ᠮᠤᠩᠭᠤᠯ ᠤᠯᠤᠰ ᠤᠨ ᠲᠠᠲᠠᠪᠤᠷᠢ ᠵᠢᠨ ᠨᠡᠢᠢᠲᠡ ᠣᠷᠤᠯᠭ᠎ᠠ ᠥᠩᠭᠡᠷᠡᠭᠰᠡᠨ ᠣᠨ ᠳᠤ 9.7 ᠶᠡᠬᠡ ᠨᠠᠶᠤᠳ ᠲᠥᠭᠥᠷᠢᠭ ᠪᠣᠯᠤᠭᠰᠠᠨ ᠪᠠᠢᠢᠨ᠎ᠠ ᠃ ᠡᠨᠡ ᠨᠢ ᠡᠮᠦᠨᠡᠬᠢ ᠣᠨ ᠡᠴᠠ 1.5 ᠶᠡᠬᠡ ᠨᠠᠶᠤᠳ ᠲᠥᠭᠥᠷᠢᠭ ᠪᠤᠶᠤ 18.8 ᠬᠤᠪᠢ ᠪᠡᠷ ᠥᠰᠦᠭᠰᠡᠨ ᠳ᠋ᠦᠩ ᠶᠤᠮ ᠃ ᠲᠠᠲᠠᠪᠤᠷᠢ ᠵᠢᠨ ᠣᠷᠤᠯᠭ᠎ᠠ ᠵᠢᠨ ᠥᠰᠦᠯᠲᠡ ᠳ᠋ᠦ ᠄ ᠣᠷᠤᠯᠭ᠎ᠠ ᠵᠢᠨ ᠠᠯᠪᠠᠨ ᠲᠠᠲᠠᠪᠤᠷᠢ 460.8 ᠲᠡᠷᠪᠤᠮ ᠲᠥᠭᠥᠷᠢᠭ︔ ᠨᠡᠢᠢᠭᠡᠮ ᠤᠨ ᠳᠠᠭᠠᠳᠬᠠᠯ ᠤᠨ ᠣᠷᠤᠯᠭ᠎ᠠ 355 ᠲᠡᠷᠪᠤᠮ ᠲᠥᠭᠥᠷᠢᠭ ︔ ᠨᠡᠮᠡᠭᠳᠡᠭᠰᠡᠨ ᠥᠷᠳᠡᠭ ᠤᠨ ᠠᠯᠪᠠᠨ ᠲᠠᠲᠠᠪᠤᠷᠢ 288 ᠲᠡᠷᠪᠤᠮ ᠲᠥᠭᠥᠷᠢᠭ︔ ᠪᠤᠰᠤᠳ ᠲᠠᠲᠠᠪᠤᠷᠢ ᠂ ᠲᠥᠯᠦᠪᠦᠷᠢ ᠬᠤᠷᠢᠶᠠᠮᠵᠢ ᠵᠢᠨ ᠣᠷᠤᠯᠭ᠎ᠠ 205.2 ᠲᠡᠷᠪᠤᠮ ᠲᠥᠭᠥᠷᠢᠭ︔ ᠣᠨᠴᠠᠭᠠᠢ ᠠᠯᠪᠠᠨ ᠲᠠᠲᠠᠪᠤᠷᠢ 109 ᠲᠡᠷᠪᠤᠮ ᠲᠥᠭᠥᠷᠢᠭ︔ ᠭᠠᠳᠠᠭᠠᠳᠤ ᠦᠢᠯᠡ ᠠᠵᠢᠯᠯᠠᠭᠠᠨ ᠪ ᠣᠷᠤᠯᠭ᠎ᠠ 107.7 ᠲᠡᠷᠪᠤᠮ ᠲᠥᠭᠥᠷᠢᠭ ᠪᠤᠯᠵᠠᠢ ᠃