ᠰᠢᠭᠤᠷᠬᠠᠢ ᠪᠦᠯᠦᠭ ᠤᠨ ᠪᠦᠷᠢᠯᠳᠦᠬᠦᠨ ᠳ᠋ᠦ ᠵᠠᠮ ᠲᠡᠭᠡᠭᠡᠪᠦᠷᠢ ᠵᠢᠨ ᠬᠥᠭᠵᠢᠯ ᠤᠨ ᠶᠠᠮᠤᠨ ᠂ ᠮᠡᠷᠭᠡᠵᠢᠯ ᠤᠨ ᠬᠢᠨᠠᠯᠲᠠ ᠵᠢᠨ ᠶᠡᠷᠦᠩᠬᠡᠢ ᠭᠠᠵᠠᠷ ᠂ ᠲᠠᠩᠨᠠᠭᠤᠯ ᠤᠨ ᠶᠡᠷᠦᠩᠬᠡᠢ ᠭᠠᠵᠠᠷ ᠂ ᠴᠠᠭᠳᠠᠭᠠᠨ ᠪ ᠶᠡᠷᠦᠩᠬᠡᠢ ᠭᠠᠵᠠᠷ ᠂ ᠬᠢᠯᠢ ᠬᠠᠮᠠᠭᠠᠯᠠᠬᠤ ᠶᠡᠷᠦᠩᠬᠡᠢ ᠭᠠᠵᠠᠷ ᠂ ᠭᠠᠢᠢᠯᠢ ᠵᠢᠨ ᠶᠡᠷᠦᠩᠬᠡᠢ ᠭᠠᠵᠠᠷ ᠪᠣᠯᠤᠨ ᠠᠦ᠋ᠲ᠋ᠤ᠋ ᠲᠡᠭᠡᠭᠡᠪᠦᠷᠢ ᠵᠢᠨ ᠦᠨᠳᠦᠰᠦᠨ ᠪ ᠲᠥᠪ ᠂ ᠬᠠᠯᠳᠠᠪᠤᠷᠢᠲᠤ ᠡᠪᠡᠳᠴᠢᠨ ᠰᠤᠳᠤᠯᠤᠯ ᠤᠨ ᠦᠨᠳᠦᠰᠦᠨ ᠪ ᠲᠥᠪ ᠤᠨ ᠬᠤᠯᠪᠣᠭᠳᠠᠬᠤ ᠮᠡᠷᠭᠡᠵᠢᠯᠲᠡᠳ ᠪᠠᠭᠲᠠᠵᠤ ᠪᠠᠢᠢᠭ᠎ᠠ ᠶᠤᠮ ᠃
ᠠᠵᠢᠯ ᠤᠨ ᠬᠡᠰᠡᠭ ᠳᠤᠷᠤᠨᠠᠭᠤᠪᠢ ᠠᠢᠢᠮᠠᠭ ᠤᠨ ᠵᠠᠮ ᠤᠨ ᠡᠭᠦᠳᠡ ᠂ ᠡᠮᠦᠨᠡᠭᠤᠪᠢ ᠠᠢᠢᠮᠠᠭ ᠤᠨ ᠭᠠᠰᠢᠭᠤᠨ ᠰᠤᠬᠠᠢᠢᠲᠤ ᠂ ᠰᠢᠪᠡᠭᠡ ᠬᠦᠷᠡᠩ ᠂ ᠤᠯᠠᠭᠠᠨᠪᠠᠭᠠᠲᠤᠷ ᠬᠤᠲᠠ ᠳ᠋ᠡᠬᠢ ᠪᠤᠶᠠᠨᠲᠤ ᠬᠤᠸᠠ ᠪᠣᠭᠤᠮᠲᠠ ᠵᠢᠨ ᠦᠢᠯᠡ ᠠᠵᠢᠯᠯᠠᠭ᠎ᠠ ᠂ ᠰᠢᠨ᠎ᠡ ᠺᠣᠷᠤᠨᠠ ᠸᠢᠷᠦ᠋ᠰ ᠦᠨ ᠬᠠᠯᠳᠠᠪᠤᠷᠢ ᠡᠴᠠ ᠤᠷᠢᠳᠴᠢᠯᠠᠨ ᠰᠡᠷᠭᠡᠢᠢᠯᠡᠬᠦ ᠂ ᠬᠡᠷᠡᠭᠵᠢᠭᠦᠯᠵᠦ ᠪᠠᠢᠢᠭ᠎ᠠ ᠬᠠᠷᠢᠭᠤ ᠠᠷᠭ᠎ᠠ ᠬᠡᠮᠵᠢᠶ᠎ᠡ ᠂ ᠮᠡᠷᠭᠡᠵᠢᠯ ᠤᠨ ᠪᠠᠢᠢᠭᠤᠯᠭ᠎ᠠ ᠨᠤᠭᠤᠳ ᠤᠨ ᠪᠡᠯᠡᠳᠬᠡᠯ ᠂ ᠪᠡᠯᠡᠨ ᠪᠠᠢᠢᠳᠠᠯ ᠲᠠᠢ ᠲᠠᠨᠢᠯᠴᠠᠵᠤ ᠂ ᠡᠭᠦᠷᠭᠡ ᠴᠢᠭᠯᠡᠯ ᠥᠭᠭᠦᠨ᠎ᠡ ᠃