︽ᠮᠦᠩᠬᠡ ᠶᠢᠨ ᠲᠤᠩ︾ᠡᠳᠦᠷ ᠲᠥ 150000 ᠠᠮᠠᠨ ᠤ ᠬᠠᠭᠠᠯᠲᠠ ᠦᠢᠯᠡᠳᠪᠦᠷᠢᠯᠡᠵᠦ  ᠪᠠᠶᠢᠨ᠎ᠠ | News.MN

   ︽ᠮᠦᠩᠬᠡ ᠶᠢᠨ ᠲᠤᠩ︾ᠡᠳᠦᠷ ᠲᠥ 150000 ᠠᠮᠠᠨ ᠤ ᠬᠠᠭᠠᠯᠲᠠ ᠦᠢᠯᠡᠳᠪᠦᠷᠢᠯᠡᠵᠦ  ᠪᠠᠶᠢᠨ᠎ᠠ

ᠺᠣᠷᠣᠨᠠ ᠸᠢᠷᠦ᠋ᠰ ᠲᠦ ᠬᠠᠯᠳᠠᠪᠤᠷᠢ ᠭᠠᠷᠤᠭᠰᠠᠨ ᠲᠠᠢ ᠬᠣᠯᠪᠣᠭᠳᠠᠭᠤᠯᠤᠨ ᠠᠮᠠᠨ ᠤ ᠬᠠᠭᠠᠯᠲᠠ ᠶ᠋ᠢᠨ ᠡᠷᠢᠯᠲᠡ ᠶᠡᠬᠡᠰᠦᠭᠡᠳ ᠪᠠᠶᠢᠭ᠎ᠠ ᠡᠨᠡ ᠦᠶ᠎ᠡ ᠳ᠋ᠥ 2020 ᠣᠨ ᠤ ᠨᠢᠭᠡᠳᠦᠭᠡᠷ ᠤᠯᠠᠷᠢᠯ ᠳᠤ ᠮᠣᠩᠭᠣᠯ ᠤᠯᠤᠰ ᠲᠤ ᠨᠡᠶᠢᠲᠡ 12023900 ᠰᠢᠷᠬᠡᠭ ᠠᠮᠠᠨ ᠤ ᠬᠠᠭᠠᠯᠲᠠ ᠢᠮᠫᠣᠷᠲ᠋ᠯᠠᠭᠰᠠᠨ ᠰᠲ᠋ᠠᠲ᠋ᠢᠰᠲ᠋ᠢᠺ ᠲᠣᠭ᠎ᠠ ᠭᠠᠷᠤᠭᠰᠠᠨ ᠪᠠᠶᠢᠨ᠎ᠠ ᠃ ᠡᠭᠦᠨ ᠡᠴᠡ ᠭᠠᠳᠠᠨ᠎ᠠ ᠮᠣᠩᠭᠣᠯ ᠳᠤ ᠠᠮᠠᠨ ᠤ ᠬᠠᠭᠠᠯᠲᠠ ᠶ᠋ᠢᠨ ᠦᠢᠯᠡᠳᠪᠦᠷᠢᠯᠡᠭᠴᠢ ᠬᠤᠪᠢ ᠬᠥᠮᠥᠨ ᠪᠣᠯᠣᠨ ᠠᠵᠤ ᠠᠬᠤᠢ ᠨᠢᠭᠡᠴᠢ  ᠴᠦ ᠨᠡᠮᠡᠭᠳᠡᠬᠦ ᠪᠣᠯᠵᠠᠢ ᠃

︽ᠮᠥᠩᠬᠡ ᠶ᠋ᠢᠨ ᠲᠤᠩ ︾ᠺᠣᠮᠫᠠᠨᠢ ᠶ᠋ᠢᠨ ᠶᠡᠷᠦᠩᠬᠡᠢ ᠵᠠᠬᠢᠷᠤᠯ ᠴ᠊·ᠠᠯᠲᠠᠨᠴᠡᠴᠡᠭ᠄ ᠮᠠᠨᠠᠢ ᠺᠣᠮᠫᠠᠨᠢ ᠨᠢ ᠨᠢᠭᠡ ᠤᠳᠠᠭᠠᠨ ᠤ ᠠᠮᠠᠨ ᠤ ᠬᠠᠭᠠᠯᠲᠠ ᠶ᠋ᠢᠨ ᠦᠢᠯᠡᠳᠪᠦᠷᠢᠯᠡᠯ ᠢᠶ᠋ᠡᠨ ᠲᠠᠰᠤᠷᠠᠯᠲᠠ ᠦᠭᠡᠢ ᠶᠠᠪᠤᠭᠤᠯᠵᠤ ᠪᠠᠶᠢᠨ᠎ᠠ᠃ ᠭᠡᠬᠦ ᠳ᠋ᠦ ᠪᠡᠨ ᠮᠠᠰᠺ ᠤᠨ ᠭᠣᠣᠯ ᠲᠦᠭᠦᠬᠡᠢ ᠡᠳ᠋ ᠪᠣᠯᠬᠤ  ᠹᠢᠯᠲᠸᠷ ᠦᠨ ᠮᠠᠲ᠋ᠧᠷᠢᠶᠠᠯ ᠣᠯᠳᠠᠴᠠ ᠮᠠᠭᠤ ᠪᠠᠶᠢᠭ᠎ᠠ ᠡᠴᠠ ᠦᠨ᠎ᠡ  ᠨᠢ ᠲᠣᠭᠲᠠᠮᠠᠯ ᠥᠰᠴᠦ ᠪᠠᠶᠢᠭ᠎ᠠ ᠪᠣᠯᠬᠤ ᠶ᠋ᠢ ᠡᠨᠳᠡ ᠳᠤᠷᠠᠳᠬᠤ ᠨᠢ ᠵᠦᠢᠲᠡᠢ ᠪᠣᠯᠪᠠ ‍ᠦᠦ᠃ ᠡᠮᠦᠨ᠎ᠡ ᠨᠢ ᠨᠢᠭᠡ ᠡᠳᠦᠷ ᠲᠥ ᠦᠢᠯᠡᠳᠪᠦᠷᠢᠯᠡᠬᠦ ᠠᠮᠠᠨ ᠤ ᠬᠠᠭᠠᠯᠲᠠ ᠶ᠋ᠢᠨ ᠲᠣᠭ᠎ᠠ ᠬᠡᠮᠵᠢᠶ᠎ᠡ ᠨᠢ ᠬᠠᠷᠢᠴᠠᠩᠭᠤᠢ ᠪᠠᠭ᠎ᠠ ᠪᠠᠶᠢᠭᠰᠠᠨ ᠲᠤᠯᠠ ᠪᠢᠳᠠ ᠵᠥᠪᠬᠡᠨ ᠡᠷᠡᠭᠦᠯ ᠮᠡᠨᠳᠦ ᠶ᠋ᠢᠨ ᠪᠠᠶᠢᠭᠤᠯᠭ᠎ᠠ ᠨᠣᠭᠣᠳ ᠪᠣᠯᠣᠨ ᠱᠠᠭᠠᠷᠳᠠᠯᠭ᠎ᠠ ᠲᠠᠢ ᠪᠤᠰᠤᠳ ᠲᠥᠷᠥ ᠶ᠋ᠢᠨ ᠪᠠᠶᠢᠭᠤᠯᠭ᠎ᠠ ᠶ᠋ᠢᠨ  ᠠᠵᠢᠯᠲᠠᠳ ᠤᠨ ᠬᠡᠷᠡᠭᠴᠡᠭᠡ ᠶ᠋ᠢ ᠬᠠᠩᠭᠠᠬᠤ ᠶ᠋ᠢ ᠵᠣᠷᠢᠵᠤ ᠠᠵᠢᠯᠯᠠᠵᠤ ᠪᠠᠶᠢᠭᠰᠠᠨ᠃ ᠬᠠᠷᠢᠨ ᠥᠴᠥᠭᠡᠳᠦᠷ ᠡᠴᠡ ᠪᠤᠶᠤ 2020 ᠣᠨ ᠤ ᠳᠥᠷᠪᠡᠳᠦᠭᠡᠷ ᠰᠠᠷ᠎ᠠ ᠶ᠋ᠢᠨ 1 ᠤ ᠡᠳᠦᠷ ᠡᠴᠡ ᠡᠬᠢᠯᠡᠨ ᠰᠢᠨ᠎ᠡ ᠠᠦ᠋ᠲ᠋ᠣᠮᠠᠲ ᠮᠠᠰᠢᠨ ᠤ ᠱᠤᠭᠤᠮ ᠠᠰᠢᠭᠯᠠᠯᠲᠠ ᠳᠤ ᠣᠷᠣᠭᠰᠠᠨ ᠲᠠᠢ ᠬᠣᠯᠪᠣᠭᠳᠠᠭᠤᠯᠤᠨ ᠡᠳᠦᠷ ᠲᠥ 150000 ᠰᠢᠷᠬᠡᠭ ᠠᠮᠠᠨ ᠤ ᠬᠠᠭᠠᠯᠲᠠ ᠶ᠋ᠢ ᠦᠢᠯᠡᠳᠪᠦᠷᠢᠯᠡᠵᠦ ᠪᠠᠶᠢᠭ᠎ᠠ ᠲᠤᠯᠠ ᠥᠪᠡᠷ ᠤᠨ ᠰᠠᠯᠪᠤᠷᠢ ᠪᠥᠭᠡᠮ ᠦᠨ ᠲᠥᠪ ᠪᠣᠯᠣᠨ ᠡᠮ ᠤᠨ ᠰᠠᠩ ᠤᠳ ᠢᠶᠠᠷ ᠢᠷᠭᠡᠳ ᠲᠤ ᠪᠠᠨ ᠠᠮᠠᠨ ᠤ ᠬᠠᠭᠠᠯᠲᠠ ᠶ᠋ᠢ ᠲᠣᠭᠲᠠᠮᠠᠯ ᠬᠤᠳᠠᠯᠳᠤᠨ ᠪᠣᠷᠣᠯᠠᠭᠤᠯᠵᠤ ᠡᠬᠢᠯᠡᠭᠰᠡᠨ ᠢ ᠳᠤᠭᠤᠯᠭᠠᠬᠤ ᠳ᠋ᠤ ᠲᠠᠭᠠᠲᠠᠢ ᠪᠠᠶᠢᠨ᠎ᠠ ᠭᠡᠪᠡ ᠃

 

ᠰᠡᠳᠬᠢᠭᠳᠡᠯ ᠦᠯᠡᠳᠡᠭᠡᠬᠦ