ᠺᠣᠷᠣᠨᠠ ᠸᠢᠷᠦ᠋ᠰ ᠦᠨ ᠴᠠᠷ᠎ᠠ ᠲᠠᠬᠤᠯ ᠤᠨ ᠤᠯᠠᠮ ᠡᠴᠠ ᠰᠫᠣᠷᠲ ᠤᠨ ᠲᠡᠮᠡᠴᠡᠭᠡᠨ ᠨᠦᠭᠦᠳ ᠢ ᠵᠤᠭᠰᠤᠭᠠᠭᠰᠠᠨ ᠠᠴᠠ ᠢᠲ᠋ᠠᠯᠢ ᠤᠯᠤᠰ 60 ᠰᠠᠶ᠎ᠠ ᠡᠸᠦ᠋ᠷᠥ ᠠᠯᠳᠠᠨ᠎ᠠ ᠭᠡᠰᠡᠨ ᠲᠣᠭᠠᠴᠠᠭ᠎ᠠ ᠶ᠋ᠢ Corriere dello Sport ᠰᠣᠨᠢᠨ ᠬᠢᠭᠰᠡᠨ ᠪᠠᠶᠢᠨ᠎ᠠ ᠃ ᠴᠤᠴᠠᠯᠠᠭᠳᠠᠭᠠᠳ ᠪᠤᠢ ᠰᠫᠣᠷᠲ ᠤᠨ ᠠᠷᠭ᠎ᠠ ᠬᠡᠮᠵᠢᠶ᠎ᠡ ᠨᠦᠭᠦᠳ ᠲᠦ 14 ᠰᠠᠶ᠎ᠠ ᠲᠠᠮᠢᠷᠴᠢᠨ ᠂ ᠳᠠᠰᠬᠠᠯᠵᠢᠭᠤᠯᠤᠭᠴᠢ ᠣᠷᠣᠯᠴᠠᠬᠤ ᠶᠣᠰᠣᠲᠠᠢ ᠪᠠᠶᠢᠵᠠᠢ ᠃ ᠲᠡᠮᠡᠴᠡᠭᠡᠨ ᠵᠣᠭᠰᠣᠭᠰᠠᠨ ᠡᠴᠠ ᠦᠨᠳᠦᠰᠦᠨ ᠣ ᠰᠠᠭᠰᠤᠨ ᠪᠥᠮᠪᠥᠭᠡ ᠶ᠋ᠢᠨ ᠠᠪᠤᠷᠭᠤ ᠶ᠋ᠢᠨ ᠯᠢᠭ ᠬᠠᠮᠤᠭ ᠤᠨ ᠶᠡᠬᠡ ᠪᠡᠷ ᠬᠣᠬᠢᠷᠠᠬᠤ ᠪᠥᠭᠡᠳ ᠬᠣᠬᠢᠷᠠᠯ ᠤᠨ ᠬᠡᠮᠵᠢᠶ᠎ᠡ ᠢᠲ᠋ᠠᠯᠢ ᠶ᠋ᠢᠨ ᠳᠣᠲᠣᠭᠠᠳᠤ ᠶ᠋ᠢᠨ ᠨᠡᠶᠢᠲᠡ ᠪᠦᠲᠦᠭᠡᠭᠳᠡᠬᠦᠨ ᠤ 3.8 ᠬᠤᠪᠢ ᠲᠠᠢ ᠲᠡᠩᠴᠡᠵᠦ ᠪᠠᠶᠢᠨ᠎ᠠ ᠃
Worldometer ᠬᠡᠪᠯᠡᠯ ᠳ᠋ᠥ ᠮᠡᠳᠡᠭᠡᠯᠡᠭᠰᠡᠨ ᠢᠶ᠋ᠡᠷ ᠂ ᠳᠥᠷᠪᠡᠳᠦᠭᠡᠷ ᠰᠠᠷ᠎ᠠ ᠶ᠋ᠢᠨ 19 ᠤ ᠪᠠᠶᠢᠳᠠᠯ ᠢᠶᠠᠷ ᠢᠲ᠋ᠠᠯᠢ ᠳ᠋ᠤ ᠸᠢᠷᠦ᠋ᠰ ᠦᠨ ᠬᠠᠯᠳᠠᠪᠤᠷᠢ ᠶ᠋ᠢᠨ 175 ᠮᠢᠩᠭ᠎ᠠ ᠭᠠᠷᠤᠢ ᠲᠣᠬᠢᠶᠠᠯᠳᠤᠯ ᠪᠦᠷᠢᠳᠬᠡᠭᠳᠡᠵᠦ ᠂ 23 ᠮᠢᠩᠭᠠᠨ ᠬᠥᠮᠥᠨ ᠨᠠᠰᠤ ᠪᠠᠷᠠᠵᠠᠢ ᠃ ᠣᠳᠣ ᠢᠲ᠋ᠠᠯᠢ ᠳᠡᠯᠡᠬᠡᠢ ᠳ᠋ᠥ ᠬᠠᠯᠳᠠᠪᠤᠷᠢ ᠶ᠋ᠢᠨ ᠲᠣᠭ᠎ᠠ ᠪᠡᠷ ᠢᠰᠫᠠᠨᠢ ᠂ ᠠᠮᠧᠷᠢᠺᠠ ᠶ᠋ᠢᠨ ᠳᠠᠷᠠᠭ᠎ᠠ ᠭᠤᠷᠪᠠ ᠳᠤ ᠪᠢᠴᠢᠭᠳᠡᠵᠦ ᠪᠠᠶᠢᠨ᠎ᠠ ᠃