ᠠᠷᠠᠳᠴᠢᠯᠠᠭᠰᠠᠨ ᠨᠠᠮ ᠤᠨ ᠦᠨᠳᠦᠰᠦᠨ ᠤ ᠪᠣᠳᠣᠯᠭ᠎ᠠ ᠶ᠋ᠢᠨ ᠬᠣᠷᠢᠶᠠᠨ ᠤ ᠬᠤᠷᠠᠯᠳᠤᠭᠠᠨ ᠥᠨᠥᠳᠥᠷ ᠪᠣᠯᠣᠯ᠎ᠠ ᠃ ᠬᠤᠷᠠᠯᠳᠤᠭᠠᠨ ᠢᠶᠠᠷ ᠠᠷᠠᠳᠴᠢᠯᠠᠭᠰᠠᠨ ᠨᠠᠮ ᠤᠨ ᠳᠡᠳ᠋ ᠳᠠᠷᠤᠭ᠎ᠠ ᠪ᠊ · ᠳᠡᠯᠭᠡᠷᠮ᠎ᠡ ᠶ᠋ᠢ ᠡᠭᠦᠷᠭᠡᠲᠦ ᠠᠵᠢᠯ ᠡᠴᠠ ᠨᠢ ᠴᠢᠯᠦᠭᠡᠯᠡᠵᠦ ᠂ ᠲᠡᠭᠦᠨ ᠦ ᠣᠷᠣᠨ ᠳᠦ ᠤᠯᠤᠰ ᠤᠨ ᠶᠡᠬᠡ ᠬᠤᠷᠠᠯ ᠤᠨ ᠭᠡᠰᠢᠭᠦᠨ ᠠᠰᠠᠨ ᠨ᠊ · ᠪᠠᠲᠤᠪᠠᠶᠠᠷ ᠤᠨ ᠥᠬᠢᠨ ᠪ᠊ · ᠶᠢᠷᠭᠠᠯᠠᠩ ᠢ ᠠᠷᠠᠳᠴᠢᠯᠠᠭᠰᠠᠨ ᠡᠮᠡᠭᠲᠡᠶᠢᠴᠦᠳ ᠤᠨ ᠬᠣᠯᠪᠣᠭᠠᠨ ᠡᠴᠠ ᠨᠠᠮ ᠤᠨ ᠳᠡᠳ᠋ ᠳᠠᠷᠤᠭ᠎ᠠ ᠳ᠋ᠤ ᠳᠡᠪᠰᠢᠭᠦᠯᠵᠦ ᠂ ᠠᠷᠠᠳᠴᠢᠯᠠᠭᠰᠠᠨ ᠨᠠᠮ ᠤᠨ ᠦᠨᠳᠦᠰᠦᠨ ᠤ ᠪᠤᠳᠤᠯᠭ᠎ᠠ ᠶᠢᠨ ᠬᠤᠷᠢᠶᠠᠨ ᠤ ᠭᠡᠰᠢᠭᠦᠳ ᠤᠨ ᠣᠯᠠᠩᠬᠢ ᠨᠢ ᠳᠡᠮᠵᠢᠵᠡᠢ ᠃
ᠲᠠᠰᠢᠷᠠᠮ ᠳᠤ ᠳᠤᠷᠠᠳᠬᠤ ᠳᠤ ᠂ ᠪ᠊ · ᠶᠢᠷᠭᠠᠯᠠᠩ ᠨᠢ ᠡᠨᠡ ᠵᠢᠯ ᠤᠨ ᠰᠣᠩᠭᠣᠭᠤᠯᠢ ᠳᠤ ᠠᠷᠤ ᠬᠠᠩᠭᠠᠢ ᠠᠶᠢᠮᠠᠭ ᠡᠴᠠ ᠨᠡᠷ᠎ᠡ ᠳᠡᠪᠰᠢᠬᠦ ᠶᠤᠮ ᠪᠠᠶᠢᠨ᠎ᠠ ᠃ ᠨ᠊ · ᠪᠠᠲᠤᠪᠠᠶᠠᠷ ᠤᠨ ᠤᠯᠤᠰ ᠤᠨ ᠶᠡᠬᠡ ᠬᠤᠷᠠᠯ ᠤᠨ ᠭᠡᠰᠢᠭᠦᠨ ᠪᠠᠶᠢᠬᠤ ᠳ᠋ᠤ ᠪᠠᠨ ᠪᠠᠲᠤᠯᠠᠭᠤᠯᠤᠭᠰᠠᠨ ᠮᠣᠩᠭᠣᠯ ᠤᠯᠤᠰ ᠤᠨ ᠡᠺᠰᠫᠣᠷᠲ ᠤᠨ ᠭᠣᠣᠯ ᠪᠦᠲᠦᠭᠡᠭᠳᠡᠬᠦᠨ ᠪᠣᠯᠬᠤ ᠵᠡᠰ ᠤᠨ ᠪᠠᠶᠠᠵᠢᠮᠠᠯ ᠳ᠋ᠤ ᠭᠡᠨᠡᠳᠲᠡ ᠶ᠋ᠢᠨ ᠠᠰᠢᠭ ᠤᠨ 68 ᠬᠤᠪᠢ ᠶ᠋ᠢᠨ ᠲᠠᠲᠠᠪᠤᠷᠢ ᠨᠣᠭᠳᠠᠭᠤᠯᠬᠤ ᠲᠤᠬᠠᠢ ᠬᠠᠤᠯᠢ ᠶ᠋ᠢᠨ ᠲᠥᠰᠥᠯ ᠢ ᠪ᠊ · ᠶᠢᠷᠭᠠᠯᠠᠩ ᠠᠩᠬ᠎ᠠ ᠰᠠᠨᠠᠭᠠᠴᠢᠯᠠᠭᠰᠠᠨ ᠭᠡᠳᠡᠭ ᠃