ᠠᠮᠧᠷᠢᠺᠠ ᠵᠢᠨ ᠲᠥᠷᠦ ᠵᠢᠨ ᠳ᠋ᠧᠫᠠᠷᠲ᠋ᠠᠮᠧᠨᠲ ᠤᠨ ᠫᠦᠷᠪᠦ ᠭᠠᠷᠠᠭ ᠲᠤ ᠭᠠᠷᠭᠠᠭᠰᠠᠨ ᠮᠡᠳᠡᠭᠳᠡᠯ ᠳ᠋ᠦ᠂ ᠮᠤᠩᠭᠤᠯ ᠤᠯᠤᠰ ᠲᠤ ᠪᠣᠯᠤᠭᠰᠠᠨ ᠫᠠᠷᠯᠠᠮᠧᠨᠲ ᠤᠨ ᠰᠤᠩᠭᠤᠭᠤᠯᠢ ᠵᠢ ᠥᠨᠳᠦᠷ ᠵᠢᠨᠷ ᠦᠨᠡᠯᠡᠵᠦ ᠪᠠᠢᠢᠭ᠎ᠠ ᠪᠥᠭᠡᠳ ᠲᠤᠰ ᠤᠯᠤᠰ ᠤᠨ ᠰᠢᠨ᠎ᠡ ᠵᠠᠰᠠᠭ ᠤᠨ ᠭᠠᠵᠠᠷ ᠲᠠᠢ ᠬᠠᠮᠲᠤᠷᠠᠨ ᠠᠵᠢᠯᠯᠠᠬᠤ ᠳᠤ ᠪᠡᠯᠡᠨ ᠪᠠᠢᠢᠨ᠎ᠠ ᠬᠡᠮᠡᠨ ᠳᠤᠷᠠᠳᠴᠠᠢ ᠃ ᠵᠢᠷᠭᠤᠳᠤᠭᠠᠷ ᠰᠠᠷ᠎ᠠ ᠵᠢᠨ 24 ᠳ᠋ᠦ ᠮᠤᠩᠭᠤᠯ ᠤᠨ ᠠᠷᠠᠳ ᠲᠦᠮᠡᠨ ᠥᠪᠡᠷᠰᠡᠳ ᠤᠨ ᠰᠠᠯᠤᠰᠢ ᠦᠭᠡᠢ ᠡᠷᠬᠡ ᠪᠣᠯᠬᠤ ᠫᠠᠷᠯᠠᠮᠧᠨᠲ ᠤᠨ ᠰᠤᠩᠭᠤᠭᠤᠯᠢ ᠶᠠᠪᠤᠭᠤᠯᠬᠤ ᠡᠷᠬᠡ ᠪᠡᠨ ᠬᠡᠷᠡᠭᠵᠢᠭᠦᠯᠦᠭᠰᠡᠨ ᠢ ᠠᠮᠧᠷᠢᠺᠠ ᠵᠢᠨ ᠨᠢᠭᠡᠳᠦᠭᠰᠡᠨ ᠤᠯᠤᠰ ᠰᠠᠢᠢᠰᠢᠶᠠᠵᠤ ᠪᠠᠢᠢᠨ᠎ᠠ ᠃ ᠪᠢᠳᠠ ᠡᠨᠡᠳᠬᠡᠭ ᠨᠤᠮᠤᠬᠠᠨ ᠳᠠᠯᠠᠢ ᠵᠢᠨ ᠪᠦᠰᠡ ᠨᠤᠲᠤᠭ ᠲᠤ ᠡᠩᠬᠡ ᠲᠠᠢᠢᠪᠤᠩ᠂ ᠠᠶᠤᠯᠭᠦᠢ ᠪᠠᠢᠢᠳᠠᠯ ᠊ᠢ ᠬᠠᠩᠭᠠᠬᠤ ᠳᠤ ᠮᠤᠩᠭᠤᠯ ᠤᠯᠤᠰ ᠤᠨ︽ᠭᠤᠷᠪᠠᠳᠠᠭᠴᠢ ᠬᠥᠷᠰᠢ︾᠂ ᠰᠲ᠋ᠷᠠᠲ᠋ᠸᠬᠢ ᠵᠢᠨ ᠲᠦᠩᠰᠢ ᠭᠡᠳᠡᠭ ᠵᠢᠨᠷ ᠵᠢᠨᠨ ᠪᠠᠬᠠᠷᠬᠠᠳᠠᠭ᠃ ᠳᠠᠷᠠᠭ᠎ᠠ ᠵᠢᠨ ᠵᠠᠰᠠᠭ ᠤᠨ ᠭᠠᠵᠠᠷ ᠲᠠᠢ ᠲᠦᠩᠰᠢᠯᠡᠯ ᠤᠨ ᠬᠠᠷᠢᠯᠴᠠᠭ᠎ᠠ ᠲᠤᠭᠲᠠᠭᠠᠬᠤ᠂ ᠨᠡᠢᠢᠲᠡᠯᠢᠭ ᠠᠷᠠᠳᠴᠢᠯᠠᠭᠰᠠᠨ ᠦᠨᠡᠲᠦ ᠵᠦᠢᠯ᠂ ᠮᠤᠩᠭᠤᠯ ᠤᠨ ᠲᠤᠰᠠᠭᠠᠷ ᠲᠤᠭᠲᠠᠨᠢᠯ ᠂ ᠪᠡᠶ᠎ᠡ ᠳᠠᠭᠠᠭᠠᠭᠰᠠᠨ ᠪᠠᠢᠢᠳᠠᠯ ᠊ᠢ ᠪᠡᠬᠢᠵᠢᠭᠦᠯᠬᠦ ᠴᠢᠭᠯᠡᠯ ᠵᠢᠨᠷ ᠬᠠᠮᠲᠤᠷᠠᠵᠤ ᠠᠵᠢᠯᠯᠠᠬᠤ ᠵᠢ ᠲᠡᠰᠦᠨ ᠶᠠᠳᠠᠨ ᠬᠦᠯᠢᠶᠡᠵᠦ ᠪᠠᠢᠢᠨ᠎ᠠ ᠭᠡᠵᠦ ᠮᠡᠳᠡᠭᠳᠡᠯ ᠳ᠋ᠦ ᠳᠤᠷᠠᠳᠤᠭᠰᠠᠨ ᠪᠠᠢᠢᠨ᠎ᠠ ᠃
ᠡᠷᠬᠡ ᠪᠠᠷᠢᠭᠴᠢ ᠮᠤᠩᠭᠤᠯ ᠠᠷᠠᠳ ᠤᠨ ᠨᠠᠮ ᠤᠨ ᠮᠤᠩᠭᠤᠯ ᠠᠷᠠᠳ ᠤᠨ ᠨᠠᠮ ᠶᠡᠷᠦᠩᠬᠡᠢ ᠨᠠᠷᠢᠨ ᠪᠢᠴᠢᠭ ᠤᠨ ᠳᠠᠷᠤᠭ᠎ᠠ ᠳ᠋᠊·ᠠᠮᠤᠷᠪᠠᠶᠠᠰᠬᠤᠯᠠᠩ ᠤᠨ ᠬᠡᠯᠡᠭᠰᠡᠨ ᠵᠢᠨᠷ ᠂ ᠲᠤᠰ ᠨᠠᠮ ᠰᠤᠩᠭᠤᠭᠤᠯᠢ ᠵᠢᠨ ᠤᠷᠢᠳᠴᠢᠯᠠᠭᠰᠠᠨ ᠳ᠋ᠦᠩ ᠵᠢᠨᠷ 76 ᠰᠠᠭᠤᠳᠠᠯ ᠲᠠᠢ ᠤᠯᠤᠰ ᠤᠨ ᠶᠡᠬᠡ ᠬᠤᠷᠠᠯ ᠳᠤ ᠫᠠᠷᠯᠠᠮᠧᠨᠲ 62 ᠰᠠᠭᠤᠳᠠᠯ ᠠᠪᠴᠠᠢ᠃ ᠮᠤᠩᠭᠤᠯ ᠠᠷᠠᠳ ᠤᠨ ᠨᠠᠮ ᠤᠨ ᠭᠤᠤᠯ ᠥᠷᠢᠰᠦᠯᠳᠦᠭᠴᠢ ᠪᠣᠯᠬᠤ ᠠᠷᠠᠳᠴᠢᠯᠠᠭᠰᠠᠨ ᠨᠠᠮ 11 ᠮᠠᠨᠳᠠᠲ ᠠᠪᠤᠭᠰᠠᠨ ᠪᠠᠢᠢᠨ᠎ᠠ ᠃ ᠰᠤᠩᠭᠤᠭᠤᠯᠢ ᠵᠢᠨ ᠶᠡᠷᠦᠩᠬᠡᠢ ᠬᠤᠷᠢᠶᠠᠨ ᠪ ᠬᠢᠨᠢ ᠮᠡᠳᠡᠭᠡᠯᠡᠯ ᠵᠢᠨᠷ ᠂ ᠰᠤᠩᠭᠤᠭᠤᠯᠢ ᠵᠢᠨ ᠢᠷᠡᠴᠡ 74 ᠣᠷᠴᠢᠮ ᠬᠤᠪᠢ ᠲᠠᠢ ᠪᠠᠢᠢᠪᠠ ᠃