ᠭᠠᠳᠠᠭᠠᠳᠤ ᠬᠠᠷᠢᠯᠴᠠᠭᠠᠨ ᠪ ᠰᠠᠢᠢᠳ ᠨ᠊·ᠡᠩᠬᠡᠲᠠᠢᠢᠪᠤᠩ ᠬᠤᠯᠪᠣᠭᠠᠨ ᠪ ᠪᠦᠭᠦᠳᠡ ᠨᠠᠢᠢᠷᠠᠮᠳᠠᠬᠤ ᠭᠧᠷᠮᠠᠨ ᠤᠯᠤᠰ ᠡᠴᠠ ᠮᠤᠩᠭᠤᠯ ᠤᠯᠤᠰ ᠲᠤ ᠰᠠᠭᠤᠭ᠎ᠠ ᠡᠯᠴᠢᠨ ᠰᠠᠢᠢᠳ ᠶᠤᠷᠤᠨ ᠷᠤᠽᠸᠨᠪᠸᠷᠡᠭ ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠵᠢᠨ ᠡᠬᠢᠨ ᠳ᠋ᠦ ᠡᠯᠴᠢᠨ ᠰᠠᠢᠢᠳ ᠶᠤᠷᠤᠨ ᠷᠤᠽᠸᠨᠪᠸᠷᠡᠭ ᠮᠤᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠪ ᠰᠠᠢᠢᠳ ᠵᠢᠨᠷ ᠲᠤᠮᠢᠯᠠᠭᠳᠠᠭᠰᠠᠨ ᠳ᠋ᠤ ᠪᠠᠶᠠᠷ ᠬᠦᠷᠭᠡᠭᠡᠳ ᠂ ᠮᠤᠩᠭᠤᠯ ᠭᠧᠷᠮᠠᠨ ᠪ ᠢᠵᠢ ᠪᠦᠷᠢᠨ ᠲᠦᠩᠰᠢᠯᠡᠯ ᠤᠨ ᠬᠠᠷᠢᠯᠴᠠᠭ᠎ᠠ ᠤᠯᠤᠰ ᠲᠥᠷᠦ᠂ᠡᠳ᠋ ᠤᠨ ᠵᠠᠰᠠᠭ᠂ ᠰᠤᠶᠤᠯ᠂ ᠪᠣᠯᠪᠠᠰᠤᠷᠠᠯ ᠤᠨ ᠰᠠᠯᠪᠤᠷᠢ ᠳᠤ ᠠᠮᠵᠢᠯᠲᠠᠲᠠᠢ ᠬᠥᠭᠵᠢᠵᠦ ᠢᠷᠡᠭᠰᠡᠨ ᠊ᠢ ᠲᠡᠮᠳᠡᠭᠯᠡᠪᠡ᠃ ᠲᠡᠷᠡ ᠪᠡᠷ ᠭᠧᠷᠮᠠᠨ ᠤᠯᠤᠰ ᠡᠴᠠ ᠮᠤᠩᠭᠤᠯ ᠤᠯᠤᠰ ᠲᠤ ᠰᠢᠨ᠎ᠡ ᠺᠣᠷᠤᠨᠠ ᠸᠢᠷᠦ᠋ᠰᠲᠤ ᠴᠠᠷ᠎ᠠ ᠲᠠᠬᠤᠯ ᠲᠠᠢ ᠲᠡᠮᠡᠴᠡᠬᠦ ᠳ᠋ᠦ ᠵᠤᠷᠢᠭᠤᠯᠤᠨ 1 ᠰᠠᠶ᠎ᠠ ᠡᠸᠦ᠋ᠷᠤ᠋ ᠳ᠋ᠤᠯᠯᠠᠷ ᠣᠯᠭᠤᠵᠤ ᠪᠤᠢ ᠵᠢ ᠲᠡᠮᠳᠡᠭᠯᠡᠪᠡ ᠃
ᠨ᠊·ᠡᠩᠬᠡᠲᠠᠢᠢᠪᠤᠩ ᠲᠤᠰᠠᠯᠠᠮᠵᠢ ᠣᠯᠭᠤᠵᠤ ᠪᠠᠢᠭ᠎ᠠ ᠳᠤ ᠲᠠᠯᠠᠷᠬᠠᠯ ᠢᠯᠡᠷᠬᠡᠢᠢᠯᠡᠭᠡᠳ ᠂ ᠡᠨᠡ ᠰᠤᠷᠢᠯᠲᠠᠲᠤ ᠦᠶ᠎ᠡ ᠳ᠋ᠦ ᠭᠧᠷᠮᠠᠨ ᠳᠤ ᠠᠮᠢᠳᠤᠷᠠᠵᠤ ᠪᠤᠢ ᠮᠤᠩᠭᠤᠯ ᠢᠷᠭᠡᠳ ᠤᠨ ᠡᠷᠬᠡ ᠠᠰᠢᠭ ᠊ᠢ ᠬᠠᠮᠠᠭᠠᠯᠠᠬᠤ ᠂ ᠲᠤᠰᠠᠯᠠᠵᠤ ᠳᠡᠮᠵᠢᠬᠦ ᠵᠢ ᠡᠯᠴᠢᠨ ᠰᠠᠢᠢᠳ ᠪᠣᠯᠤᠨ ᠬᠤᠯᠪᠣᠭᠠᠨ ᠪ ᠭᠠᠳᠠᠭᠠᠳᠤ ᠬᠡᠷᠡᠭ ᠤᠨ ᠶᠠᠮᠤᠨ ᠡᠴᠠ ᠬᠦᠰᠡᠪᠡ ᠃ ᠲᠠᠯ᠎ᠠ ᠨᠤᠭᠤᠳ ᠬᠤᠶᠠᠷ ᠲᠠᠯ᠎ᠠ ᠵᠢᠨ ᠡᠳ᠋ ᠤᠨ ᠵᠠᠰᠠᠭ ᠂ ᠬᠤᠳᠠᠯᠳᠤᠭ᠎ᠠ ᠂ ᠬᠥᠷᠦᠩᠭᠡ ᠣᠷᠤᠭᠤᠯᠤᠯᠲᠠ ᠵᠢ ᠨᠡᠮᠡᠭᠳᠡᠭᠦᠯᠬᠦ ᠂ ᠡᠸᠦ᠋ᠷᠦᠫᠡ ᠵᠢᠨ ᠬᠤᠯᠪᠣᠭᠠᠨ ᠪ ᠲᠠᠷᠢᠹ ᠤᠨ ᠬᠥᠩᠭᠡᠯᠡᠯᠲᠡ ᠲᠠᠢ ᠰᠢᠰᠲ᠋ᠧᠮ ᠵᠡᠷᠭᠡ ᠮᠤᠩᠭᠤᠯ ᠤᠯᠤᠰ ᠤᠨ ᠡᠺᠰᠫᠣᠷᠲ ᠊ᠢ ᠨᠡᠮᠡᠭᠳᠡᠭᠦᠯᠬᠦ ᠪᠣᠯᠤᠮᠵᠢ ᠵᠢ ᠪᠦᠷᠢᠨ ᠠᠰᠢᠭᠯᠠᠬᠤ ᠬᠦᠷᠢᠶᠡᠨ ᠳ᠋ᠦ ᠭᠧᠷᠮᠠᠨ ᠪ ᠳᠡᠪᠰᠢᠯᠲᠡᠲᠦ ᠲᠧᠭᠨᠤᠯᠤᠭᠢ ᠪᠦᠬᠦᠢ ᠬᠦᠨᠡᠰᠦᠨ ᠪ ᠪᠦᠲᠦᠭᠡᠭᠳᠡᠬᠦᠨ ᠪ ᠦᠢᠯᠡᠳᠪᠦᠷᠢ ᠪᠠᠢᠢᠭᠤᠯᠬᠤ ᠴᠢᠭᠯᠡᠯ ᠵᠢᠨᠷ ᠬᠠᠮᠲᠤᠷᠠᠨ ᠠᠵᠢᠯᠯᠠᠬᠤ ᠪᠡᠷ ᠰᠠᠨᠠᠯ ᠰᠤᠯᠢᠯᠴᠠᠪᠠ ᠃