ᠮᠤᠩᠭᠤᠯ ᠤᠯᠤᠰ ᠤᠨ ᠰᠠᠢᠢᠳ ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠯ᠊·ᠣᠶᠤᠨᠡᠷᠳᠡᠨᠢ ᠦᠨᠳᠦᠰᠦᠨ ᠪ ᠮᠡᠳᠡᠭᠡᠯᠡᠯ ᠤᠨ ᠮᠤᠩᠭᠤᠯ ᠤᠨ ᠴᠠᠬᠢᠯᠭᠠᠨ ᠮᠡᠳᠡᠭᠡ ᠠᠭ᠍ᠸᠨᠲᠯᠢᠭ ᠤᠨ ᠠᠵᠢᠯ ᠲᠠᠢ ᠥᠨᠦᠳᠦᠷ ᠲᠠᠨᠢᠯᠴᠠᠵᠤ ᠂ ᠠᠵᠢᠯᠲᠠᠨ ᠂ ᠠᠯᠪᠠᠨ ᠬᠠᠭᠠᠭᠴᠢᠳ ᠤᠨ ᠰᠠᠨᠠᠯ ᠪᠣᠳᠤᠯ ᠂ ᠲᠤᠯᠭᠠᠮᠳᠠᠵᠤ ᠪᠤᠢ ᠠᠰᠠᠭᠤᠳᠠᠯ ᠊ᠢ ᠰᠤᠨᠤᠰᠤᠯ᠎ᠠ ᠃
ᠯ᠊·ᠣᠶᠤᠨᠡᠷᠳᠡᠨᠢ ᠬᠡᠯᠡᠬᠦ ᠳ᠋ᠦ ᠪᠡᠨ᠄ ᠪᠢ ᠥᠩᠭᠡᠷᠡᠭᠰᠡᠨ ᠵᠢᠯ montsame ᠶᠢᠨ ᠠᠵᠢᠯ ᠲᠠᠢ ᠲᠠᠨᠢᠯᠴᠠᠵᠤ ᠪᠠᠢᠢᠭᠰᠠᠨ ᠃ ᠲᠤᠬᠠᠢ ᠵᠢᠨ ᠦᠶ᠎ᠡ ᠳ᠋ᠦ ᠠᠭ᠍ᠸᠨᠲᠯᠢᠭ ᠤᠨ ᠠᠵᠢᠯᠲᠠᠨ ᠠᠯᠪᠠᠨ ᠬᠠᠭᠠᠭᠴᠢᠳ ᠲᠥᠰᠦᠪ᠂ ᠲᠤᠨᠤᠭ ᠲᠥᠬᠥᠭᠡᠷᠦᠮᠵᠢ ᠵᠢᠨ ᠬᠤᠪᠢ ᠳᠦ ᠳᠤᠲᠠᠭᠳᠠᠯ ᠲᠠᠢ ᠪᠠᠢᠢᠭ᠎ᠠ ᠪᠠᠨ ᠬᠡᠯᠡᠵᠦ ᠪᠠᠢᠢᠭᠰᠠᠨ᠃ ᠲᠤᠯᠭᠠᠮᠳᠠᠭᠰᠠᠨ ᠵᠠᠷᠢᠮ ᠠᠰᠠᠭᠤᠳᠠᠯ ᠊ᠢ ᠰᠢᠢᠳᠪᠦᠷᠢᠯᠡᠵᠦ ᠪᠠᠢᠢᠭ᠎ᠠ᠃ ᠴᠠᠭᠠᠰᠢᠳᠠ ᠮᠤᠩᠭᠤᠯ ᠤᠯᠤᠰ ᠤᠨ ᠲᠤᠬᠠᠢ ᠂ ᠵᠠᠰᠠᠭ ᠤᠨ ᠭᠠᠵᠠᠷ ᠤᠨ ᠪᠣᠳᠤᠯᠭ᠎ᠠ ᠰᠢᠢᠳᠪᠦᠷᠢ ᠵᠢ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ ᠳ᠋ᠤ montsame ᠲᠠᠢ ᠬᠠᠮᠲᠤᠷᠠᠨ ᠠᠵᠢᠯᠯᠠᠬᠤ ᠪᠣᠯᠤᠨ᠎ᠠ ᠬᠡᠮᠡᠪᠡ ᠃