ᠠᠷᠠᠳ ᠤᠨ ᠤᠷᠠᠨ ᠵᠣᠬᠢᠶᠠᠯᠴᠢ ᠪ∙ᠯᠾᠬᠠᠪᠠᠰᠦ᠋ᠷᠤᠩ ᠠᠭᠰᠠᠨ ᠤ ᠨᠡᠷᠡᠮᠵᠢᠲᠦ ᠢᠷᠠᠭᠤ ᠨᠠᠶᠢᠷᠠᠭ ᠤᠨ ᠨᠠᠭᠠᠳᠤᠮ ᠢᠷᠡᠬᠦ ᠠᠷᠪᠠᠨ ᠨᠢᠭᠡᠳᠦᠭᠡᠷ ᠰᠠᠷ᠎ᠠ ᠶᠢᠨ 23 ᠍ ᠳᠦ ᠪᠣᠯᠤᠨ᠎ᠠ᠃ ᠲᠤᠰ ᠨᠠᠭᠠᠳᠤᠮ ᠢ ᠮᠣᠩᠭᠣᠯ ᠤᠨ ᠵᠣᠬᠢᠶᠠᠭᠴᠢᠳ ᠤᠨ ᠡᠪᠯᠡᠯ ᠦᠨ ᠭᠡᠰᠢᠭᠦᠳ ᠪᠣᠯᠤᠨ ᠪ∙ᠯᠾᠬᠠᠪᠠᠰᠦ᠋ᠷᠤᠩ ᠠᠭᠰᠠᠨ ᠤ ᠦᠷ᠎ᠡ ᠬᠡᠦᠬᠡᠳ ᠬᠠᠮᠲᠤᠷᠠᠨ ᠵᠣᠬᠢᠶᠠᠨ ᠪᠠᠶᠢᠭᠤᠯᠬᠤ ᠶᠤᠮ᠃
ᠤᠯᠤᠰ ᠤᠨ ᠳᠠᠭᠤᠷᠢ ᠪᠦᠵᠢᠭ ᠦᠨ ᠡᠷᠳᠡᠮ ᠦᠨ ᠲᠢᠶᠠᠲ᠋ᠷ ᠤᠨ ᠲᠠᠶᠢᠰᠠᠨ᠎ᠠ ᠪᠣᠯᠬᠤ ᠤᠭ ᠨᠠᠭᠠᠳᠤᠮ ᠤᠨ ᠨᠡᠷ᠎ᠡ ᠨᠢ 《ᠠᠨᠲ᠋ᠢᠮᠢᠷ》 ᠪᠥᠭᠡᠳ ᠪᠦᠲᠦᠭᠡᠯ ᠢ ᠠᠷᠪᠠᠨ ᠨᠢᠭᠡᠳᠦᠭᠡᠷ ᠰᠠᠷ᠎ᠠ ᠶᠢᠨ 10 ᠬᠦᠷᠲᠡᠯ᠎ᠡ ᠮᠣᠩᠭᠣᠯ ᠤᠨ ᠵᠣᠬᠢᠶᠠᠯᠴᠢᠳ ᠤᠨ ᠡᠪᠯᠡᠯ ᠦᠨ ᠪᠠᠶᠢᠷᠢᠨ ᠳᠤ ᠬᠦᠯᠢᠶᠡᠨ ᠠᠪᠤᠨ᠎ᠠ᠃ ᠲᠤᠰ ᠨᠠᠭᠠᠳᠤᠮ ᠳᠤ ᠤᠷᠤᠯᠴᠠᠬᠤ ᠬᠦᠰᠡᠯ ᠲᠡᠢ ᠨᠠᠶᠢᠷᠠᠭᠴᠢᠳ ᠴᠢᠯᠦᠭᠡᠲᠦ ᠰᠡᠳᠦᠪ ᠲᠡᠢ ᠬᠣᠶᠠᠷ ᠪᠦᠲᠦᠭᠡᠯ ᠢᠶᠡᠨ ᠪᠥᠷᠢᠳᠬᠡᠭᠦᠯᠬᠦ ᠶᠤᠮ ᠪᠠᠶᠢᠨ᠎ᠠ᠃