ᠲᠥᠷᠥ ᠶᠢᠨ ᠳᠠᠭᠤᠯᠠᠯ ᠢᠶᠠᠨ ᠬᠦᠨᠳᠦᠳᠬᠡᠨ ᠳᠠᠭᠤᠯᠠᠬᠤ ᠠᠶᠠᠨ ᠪᠤᠯᠵᠤ ᠪᠠᠶᠢᠨ᠎ᠠ  | News.MN

ᠲᠥᠷᠥ ᠶᠢᠨ ᠳᠠᠭᠤᠯᠠᠯ ᠢᠶᠠᠨ ᠬᠦᠨᠳᠦᠳᠬᠡᠨ ᠳᠠᠭᠤᠯᠠᠬᠤ ᠠᠶᠠᠨ ᠪᠤᠯᠵᠤ ᠪᠠᠶᠢᠨ᠎ᠠ 

ᠮᠣᠩᠭᠣᠯ ᠤᠯᠤᠰ ᠤᠨ ᠵᠠᠰᠠᠭ ᠤᠨ ᠭᠠᠵᠠᠷ ᠤᠨ 2019 ᠣᠨ ᠤ 200 ᠳ᠋ᠤᠭᠠᠷ ᠲᠣᠭᠲᠠᠭᠠᠯ ᠢᠶᠠᠷ ᠪᠠᠲᠤᠯᠠᠭᠳᠠᠭᠰᠠᠨ《ᠬᠡᠦᠬᠡᠳ ᠵᠠᠯᠠᠭᠤᠴᠤᠳ ᠲᠤ ᠡᠬᠡ ᠣᠷᠣᠨᠴᠢ ᠦᠵᠡᠯ ᠲᠥᠯᠦᠪᠰᠢᠭᠦᠯᠬᠦ ᠦᠨᠳᠦᠰᠦᠨ ᠦ ᠬᠥᠲᠥᠯᠪᠦᠷᠢ》 ᠶᠢ ᠬᠡᠷᠡᠭᠵᠢᠭᠦᠯᠬᠦ ᠠᠵᠢᠯ ᠤᠨ ᠬᠦᠷᠢᠶᠡᠨ ᠳᠦ 《ᠲᠥᠷᠥ ᠶᠢᠨ ᠳᠠᠭᠤᠯᠠᠯ ᠢᠶᠠᠨ ᠬᠦᠨᠳᠦᠳᠬᠡᠨ ᠳᠠᠭᠤᠯᠠᠵᠤ᠂  ᠲᠦᠷᠦᠲᠦ ᠶᠣᠰᠣ ᠪᠠᠨ ᠳᠡᠭᠡᠳᠦᠯᠡᠶ᠎ᠡ》ᠠᠶᠠᠨ ᠠᠷᠤᠬᠠᠩᠭᠠᠢ ᠠᠶᠢᠮᠠᠭ ᠤᠨ ᠶᠡᠷᠦᠩᠬᠡᠢ ᠪᠣᠯᠪᠠᠰᠤᠷᠠᠯ ᠤᠨ 33 ᠰᠤᠷᠭᠠᠭᠤᠯᠢ᠂ 32 ᠴᠡᠴᠡᠷᠯᠢᠭ ᠲᠦ ᠬᠡᠷᠡᠭᠵᠢᠵᠦ ᠪᠠᠶᠢᠨ᠎ᠠ᠃
ᠬᠡᠦᠬᠡᠳ ᠪᠠᠭᠠᠴᠤᠳ ᠲᠥᠷᠥ ᠶᠢᠨ ᠳᠠᠭᠤᠯᠠᠯ ᠤᠨ ᠦᠭᠡ ᠶᠢ ᠦᠨᠡᠨ ᠵᠥᠪ᠂ ᠠᠯᠳᠠᠭ᠎ᠠ ᠮᠠᠳᠠᠭ ᠦᠭᠡᠢ ᠴᠡᠭᠡᠵᠢᠯᠡᠵᠦ᠂ ᠤᠳᠬ᠎ᠠ ᠠᠭᠤᠯᠭ᠎ᠠ ᠶᠢ ᠨᠢ ᠣᠶᠢᠯᠠᠭᠠᠨ᠂ ᠵᠢᠷᠦᠬᠡ ᠰᠡᠳᠬᠢᠯ ᠡᠴᠡ ᠪᠡᠨ ᠬᠦᠨᠳᠦᠳᠬᠡᠨ ᠳᠠᠭᠤᠯᠠᠵᠤ ᠰᠤᠷᠭᠠᠬᠤ ᠳᠤ ᠪᠠᠭᠰᠢ᠂ ᠤᠳᠤᠷᠢᠳᠤᠯᠭ᠎ᠠ ᠨᠠᠷ ᠠᠩᠬᠠᠷᠴᠤ᠂ ᠲᠥᠷᠥ ᠶᠢᠨ ᠳᠠᠭᠤᠯᠠᠯ ᠤᠨ ᠦᠭᠡ ᠶᠢ ᠪᠠᠶᠢᠭᠤᠯᠤᠯᠭ᠎ᠠ ᠶᠢᠨ ᠬᠦᠨᠳᠦᠳᠬᠡᠯ ᠦᠨ ᠬᠡᠰᠡᠭ ᠲᠦ ᠵᠠᠯᠠᠭᠰᠠᠨ ᠪᠠᠶᠢᠨ᠎ᠠ᠃  ᠡᠷᠳᠡᠨᠢᠪᠤᠯᠠᠭᠠᠨ ᠰᠤᠮᠤ ᠶᠢᠨ 6᠂ 13 ᠳ᠋ᠤᠭᠠᠷ ᠴᠡᠴᠡᠷᠯᠢᠭ ᠥᠷᠯᠥᠭᠡ ᠪᠦᠷᠢ ᠬᠢᠴᠢᠶᠡᠯ ᠡᠬᠢᠯᠡᠬᠦ ᠳᠦ ᠲᠥᠷᠥ ᠶᠢᠨ ᠳᠠᠭᠤᠯᠠᠯ ᠢᠶᠠᠨ ᠲᠣᠭᠲᠠᠮᠠᠯ ᠳᠠᠭᠤᠯᠠᠵᠤ ᠬᠡᠪᠰᠢᠭᠦᠯᠦᠭᠰᠡᠨ ᠪᠣᠯ ᠬᠠᠶᠢᠷᠬᠠᠨ ᠰᠤᠮᠤ ᠶᠢᠨ ᠰᠤᠷᠭᠠᠭᠤᠯᠢ ᠶᠢᠨ 《ᠤᠷᠠᠨ ᠪᠢᠴᠢᠭᠲᠡᠨ》ᠳᠤᠭᠤᠶᠢᠯᠠᠩ ᠤᠨ ᠰᠤᠷᠤᠭᠴᠢᠳ᠂ ᠡᠷᠳᠡᠨᠢᠪᠤᠯᠠᠭᠠᠨ ᠰᠤᠮᠤ ᠶᠢᠨ 1  ᠳ᠋ᠤᠭᠡᠷ ᠰᠤᠷᠭᠠᠭᠤᠯᠢ ᠶᠢᠨ ᠺᠠᠯᠢᠭ᠍ᠷᠠᠹᠢ ᠶᠢᠨ ᠳᠤᠭᠤᠶᠢᠯᠠᠩ ᠤᠨ ᠰᠤᠷᠤᠭᠴᠢᠳ ᠲᠥᠷᠥ ᠶᠢᠨ ᠳᠠᠭᠤᠯᠠᠯ ᠤᠨ ᠦᠭᠡ ᠶᠢ ᠮᠣᠩᠭᠣᠯ ᠤᠷᠠᠨ ᠪᠢᠴᠢᠭ ᠢᠶᠡᠷ ᠪᠢᠴᠢᠵᠦ ᠰᠤᠷᠤᠯ᠎ᠠ᠃

ᠰᠡᠳᠬᠢᠭᠳᠡᠯ ᠦᠯᠡᠳᠡᠭᠡᠬᠦ