ᠠᠨᠺᠧᠲ ᠤᠨ ᠵᠠᠷᠢᠮ ᠬᠡᠰᠡᠭ ᠢ ᠮᠣᠩᠭᠣᠯ ᠪᠢᠴᠢᠭ ᠢᠶᠡᠷ ᠪᠥᠭᠯᠡᠨ᠎ᠡ   | News.MN

ᠠᠨᠺᠧᠲ ᠤᠨ ᠵᠠᠷᠢᠮ ᠬᠡᠰᠡᠭ ᠢ ᠮᠣᠩᠭᠣᠯ ᠪᠢᠴᠢᠭ ᠢᠶᠡᠷ ᠪᠥᠭᠯᠡᠨ᠎ᠡ  

《ᠮᠣᠩᠭᠣᠯ ᠬᠡᠯᠡᠨ ᠦ ᠲᠤᠬᠠᠢ》ᠬᠠᠤᠯᠢ ᠶᠢᠨ ᠬᠡᠷᠡᠭᠵᠢᠯᠲᠡ ᠶᠢ ᠤᠯᠤᠰ ᠤᠨ ᠬᠡᠮᠵᠢᠶᠡᠨ ᠳᠦ ᠨᠢᠭᠡᠳᠦᠭᠰᠡᠨ ᠵᠣᠬᠢᠴᠠᠭᠤᠯᠤᠯᠲᠠ ᠪᠠᠷ ᠬᠠᠩᠭᠠᠬᠤ ᠴᠢᠭ ᠡᠭᠦᠷᠭᠡ ᠪᠦᠬᠦᠢ ᠠᠵᠢᠯ ᠤᠨ ᠬᠡᠰᠡᠭ ᠬᠤᠷᠠᠯᠳᠤᠪᠠ᠃ ᠤᠯᠠᠮ ᠢᠶᠠᠷ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ III》 ᠍ ᠢ ᠬᠡᠷᠡᠭᠵᠢᠭᠦᠯᠬᠦ ᠠᠷᠭ᠎ᠠ ᠬᠡᠮᠵᠢᠶᠡᠨ ᠦ ᠲᠥᠯᠦᠪᠯᠡᠭᠡᠨ ᠦ ᠲᠥᠰᠥᠯ ᠢ ᠬᠡᠯᠡᠯᠴᠡᠭᠰᠡᠨ ᠪᠠᠶᠢᠨ᠎ᠠ᠃ ᠠᠯᠪᠠᠨ ᠬᠡᠷᠡᠭ ᠢ ᠮᠣᠩᠭᠣᠯ ᠪᠢᠴᠢᠭ ᠢᠶᠡᠷ ᠬᠥᠲᠥᠯᠬᠦ ᠲᠡᠢ ᠬᠣᠯᠪᠣᠭᠠᠲᠠᠢ ᠪᠠᠷ ᠲᠥᠷᠥ ᠶᠢᠨ ᠠᠯᠪᠠᠨ ᠤ ᠵᠥᠪᠯᠡᠯ ᠦᠨ ᠬᠢᠨ ᠳᠠᠷᠠᠭᠠᠬᠢ ᠠᠵᠢᠯ ᠤᠳ ᠢ  ᠦᠶ᠎ᠡ ᠱᠠᠲᠤ ᠲᠠᠢ ᠪᠠᠷ ᠬᠡᠷᠡᠭᠵᠢᠭᠦᠯᠦᠨ᠎ᠡ᠃ ᠲᠤᠬᠠᠶᠢᠯᠠᠪᠠᠯ᠂ ᠲᠥᠷᠥ ᠶᠢᠨ ᠠᠯᠪᠠᠨ ᠬᠠᠭᠠᠭᠴᠢ ᠶᠢᠨ ᠠᠨᠺᠧᠲ︵ᠬᠦᠰᠦᠨᠦᠭᠲᠦ︶ ᠢ ᠪᠥᠭᠯᠡᠬᠦ ᠳᠦ ᠪᠡᠨ ᠮᠣᠩᠭᠣᠯ ᠪᠢᠴᠢᠭ ᠦᠨ ᠮᠡᠳᠡᠯᠭᠡ ᠴᠢᠳᠠᠪᠤᠷᠢ ᠪᠠᠨ ᠥᠪᠡᠷ ᠢᠶᠡᠨ ᠦᠨᠡᠯᠡᠵᠦ ᠪᠢᠴᠢᠳᠡᠭ ᠵᠢᠱᠢᠭ ᠲᠣᠭᠲᠠᠭᠠᠬᠤ ᠶᠤᠮ᠃ ᠠᠨᠺᠧᠲ ᠲᠤ ᠪᠠᠨ ᠪᠢᠴᠢᠭᠰᠡᠨᠴᠢᠯᠡᠨ ᠲᠤᠬᠠᠢ ᠶᠢᠨ ᠰᠢᠯᠭᠠᠭᠤᠯᠤᠭᠴᠢ ᠴᠢᠳᠠᠪᠤᠷᠢ ᠪᠠᠨ ᠲᠥᠷᠥ ᠶᠢᠨ ᠠᠯᠪᠠᠨ ᠤ ᠰᠢᠯᠭᠠᠯᠲᠠ ᠪᠠᠷ ᠨᠤᠲᠠᠯᠠᠬᠤ ᠶᠣᠰᠣᠲᠠᠢ᠃

ᠠᠯᠪᠠᠨ ᠲᠤᠰᠢᠶᠠᠯᠲᠠᠨ ᠤ ᠲᠣᠳᠣᠷᠬᠠᠶᠢᠯᠠᠯᠲᠠ ᠳᠤ ᠲᠠᠯᠪᠢᠭᠳᠠᠬᠤ ᠱᠠᠭᠠᠷᠳᠠᠯᠭ᠎ᠠ ᠨᠤᠭᠤᠳ ᠲᠤ ᠮᠣᠩᠭᠣᠯ ᠪᠢᠴᠢᠭ ᠮᠡᠳᠡᠳᠡᠭ ᠪᠠᠶᠢᠬᠤ ᠰᠢᠯᠭᠠᠭᠤᠷ ᠲᠤᠰᠬᠠᠭᠰᠠᠨ ᠪᠠᠶᠢᠨ᠎ᠠ᠃ ᠲᠡᠭᠦᠨᠴᠢᠯᠡᠨ ᠲᠥᠷᠥ ᠶᠢᠨ ᠠᠯᠪᠠᠨ ᠬᠠᠭᠠᠭᠴᠢᠳ ᠤᠨ ᠳᠤᠮᠳᠠ ᠮᠣᠩᠭᠣᠯ ᠪᠢᠴᠢᠭ ᠦᠨ ᠮᠡᠳᠡᠯᠭᠡ ᠶᠢᠨ ᠲᠦᠪᠰᠢᠨ ᠢ ᠲᠣᠭᠲᠠᠭᠠᠬᠤ ᠠᠵᠢᠯ ᠤᠳ ᠬᠢᠬᠦ ᠶᠤᠮ᠃

ᠰᠡᠳᠬᠢᠭᠳᠡᠯ ᠦᠯᠡᠳᠡᠭᠡᠬᠦ