ᠰᠤᠶᠤᠯ ᠤᠨ ᠶᠠᠮᠤᠨ ᠠᠴᠠ ᠰᠠᠨᠠᠭᠠᠴᠢᠯᠠᠵᠤ ᠪᠤᠢ 《ᠪᠠᠶᠢᠭᠠᠯᠢ ᠳᠤ ᠡᠭᠡᠯᠢ ᠲᠡᠢ ᠮᠣᠩᠭᠣᠯ ᠰᠤᠶᠤᠯ ᠠᠶᠠᠨ》 ᠍ ᠤ ᠬᠦᠷᠢᠶᠡᠨ ᠳᠦ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ Korean Nature Artists’ Association -YATOO ᠨᠡᠶᠢᠭᠡᠮᠯᠢᠭ᠂ ᠮᠣᠩᠭᠣᠯ ᠤᠨ ᠪᠠᠢᠭᠠᠯᠢ ᠶᠢᠨ ᠤᠷᠠᠨ ᠪᠦᠲᠦᠭᠡᠯᠴᠢᠳ ᠦᠨ ᠬᠣᠯᠪᠣᠭ᠎ᠠ ᠬᠠᠮᠲᠤᠷᠠᠨ 《ᠳᠡᠯᠡᠬᠡᠢ ᠶᠢᠨ ᠨᠡᠭᠦᠳᠡᠯ ᠦᠨ ᠤᠷᠠᠯᠢᠭ ᠤᠨ ᠲᠥᠰᠥᠯ GNAP-2020》 ᠣᠯᠠᠨ ᠤᠯᠤᠰ ᠤᠨ ᠬᠥᠲᠥᠯᠪᠦᠷᠢ ᠶᠢ ᠬᠡᠷᠡᠭᠵᠢᠭᠦᠯᠬᠦ ᠪᠡᠷ ᠪᠣᠯᠤᠭᠰᠠᠨ ᠶᠤᠮ᠃
ᠡᠨᠡᠬᠦ ᠬᠥᠲᠥᠯᠪᠦᠷᠢ ᠶᠢᠨ ᠬᠦᠷᠢᠶᠡᠨ ᠳᠦ ᠤᠷᠠᠨ ᠪᠦᠲᠦᠭᠡᠯᠴᠢᠳ ᠦᠨ ᠵᠢᠷᠤᠭ ᠤᠨ ᠦᠵᠡᠰᠬᠦᠯᠡᠩ ᠢ ᠹᠷᠠᠨᠼᠢ᠂ ᠮᠣᠩᠭᠣᠯ᠂ ᠰᠣᠯᠣᠩᠭᠣᠰ ᠤᠯᠤᠰ ᠲᠤ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠭᠰᠠᠨ ᠪᠣᠯᠪᠠᠴᠤ ᠲᠠᠬᠤᠯ ᠤᠨ ᠤᠯᠠᠮ ᠠᠴᠠ ᠡᠨᠡ ᠵᠢᠯ ᠦᠨ ᠬᠠᠮᠲᠤᠷᠠᠭᠰᠠᠨ ᠦᠵᠡᠰᠬᠦᠯᠡᠩ ᠤᠨᠯᠠᠢᠨ ᠬᠡᠯᠪᠡᠷᠢ ᠪᠡᠷ ᠰᠤᠯᠤᠩᠭᠤᠰ᠍ ᠤᠨ ᠭᠣᠩᠵᠤ ᠬᠤᠲᠠ ᠳᠤ ᠥᠨᠥᠳᠥᠷ ᠨᠡᠭᠡᠭᠡᠯᠲᠡ ᠪᠡᠨ ᠬᠢᠵᠦ ᠪᠠᠶᠢᠨ᠎ᠠ᠃
ᠦᠵᠡᠰᠬᠦᠯᠡᠩ ᠳᠦ ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ᠂ ᠹᠷᠠᠨᠼᠢ᠂ ᠠᠦᠢᠰᠲᠷᠠᠯᠢᠶ᠎ᠠ᠂ ᠭᠸᠷᠮᠡᠨ᠂ ᠬᠠᠩᠭᠠᠷᠢ᠂ ᠪᠦᠭᠦᠳᠡ ᠨᠠᠶᠢᠷᠠᠮᠳᠠᠬᠤ ᠢᠲ᠋ᠠᠯᠢ ᠤᠯᠤᠰ᠂ ᠪᠦᠭᠦᠳᠡ ᠨᠠᠶᠢᠷᠠᠮᠳᠠᠬᠤ ᠢᠨᠳᠤᠨᠢᠽᠢᠶᠠ ᠤᠯᠤᠰ᠂ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠵᠡᠷᠭᠡ 9 ᠣᠷᠣᠨ ᠤ 20 ᠭᠠᠷᠤᠢ ᠤᠷᠠᠨ ᠪᠦᠲᠦᠭᠡᠯᠴᠢ ᠶᠢᠨ ᠤᠷᠠᠨ ᠪᠦᠲᠦᠭᠡᠯ ᠳᠡᠯᠭᠡᠭᠳᠡᠨ᠎ᠡ᠃