《ᠣᠶᠤᠨ ᠤ ᠥᠮᠴᠢ ᠶᠢᠨ ᠲᠤᠬᠠᠢ ᠬᠠᠤᠯᠢ》ᠬᠡᠷᠡᠭᠵᠢᠵᠦ ᠡᠬᠢᠯᠡᠯ᠎ᠡ  | News.MN

《ᠣᠶᠤᠨ ᠤ ᠥᠮᠴᠢ ᠶᠢᠨ ᠲᠤᠬᠠᠢ ᠬᠠᠤᠯᠢ》ᠬᠡᠷᠡᠭᠵᠢᠵᠦ ᠡᠬᠢᠯᠡᠯ᠎ᠡ 

ᠣᠶᠤᠨ ᠤ ᠥᠮᠴᠢ ᠶᠢᠨ ᠡᠷᠬᠡ ᠪᠡᠷ ᠬᠠᠮᠠᠭᠠᠯᠠᠭᠳᠠᠬᠤ ᠪᠦᠲᠦᠭᠡᠯ᠂ ᠣᠶᠤᠨ ᠤ ᠥᠮᠴᠢ ᠶᠢ ᠬᠠᠮᠠᠭᠠᠯᠠᠬᠤ ᠵᠠᠷᠴᠢᠮ᠂ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠲᠣᠭᠲᠠᠯᠴᠠᠭ᠎ᠠ᠂ ᠴᠢᠭ ᠡᠭᠦᠷᠭᠡ ᠶᠢ ᠲᠣᠭᠲᠠᠭᠠᠬᠤ᠂ ᠣᠶᠤᠨ ᠤ ᠥᠮᠴᠢ ᠶᠢ ᠡᠳ᠋ ᠍ ᠦᠨ ᠵᠠᠰᠠᠭ ᠤᠨ ᠡᠷᠭᠢᠯᠲᠡ ᠳᠦ ᠣᠷᠣᠭᠤᠯᠬᠤ ᠶᠢ ᠳᠡᠮᠵᠢᠬᠦ ᠲᠡᠢ ᠬᠣᠯᠪᠣᠭᠳᠠᠭᠰᠠᠨ ᠨᠡᠶᠢᠲᠡᠯᠢᠭ ᠬᠠᠷᠢᠯᠴᠠᠭ᠎ᠠ ᠶᠢ ᠵᠣᠬᠢᠴᠠᠭᠤᠯᠬᠤ 《ᠣᠶᠤᠨ ᠤ ᠥᠮᠴᠢ ᠶᠢᠨ ᠲᠤᠬᠠᠢ ᠬᠠᠤᠯᠢ》 2020 ᠣᠨ ᠤ 12 ᠳ᠋ᠤᠭᠠᠷ ᠰᠠᠷ᠎ᠠ ᠶᠢᠨ 01 ᠍ ᠦ ᠡᠳᠦᠷ ᠡᠴᠡ ᠡᠬᠢᠯᠡᠨ ᠬᠡᠷᠡᠭᠵᠢᠵᠦ ᠡᠬᠢᠯᠡᠯ᠎ᠡ᠃
ᠮᠣᠩᠭᠣᠯ ᠤᠯᠤᠰ ᠲᠤ ᠣᠶᠤᠨ ᠤ ᠥᠮᠴᠢ ᠲᠡᠢ ᠬᠣᠯᠪᠣᠭᠳᠠᠭᠰᠠᠨ ᠬᠠᠷᠢᠯᠴᠠᠭ᠎ᠠ ᠶᠢ︽ᠫᠠᠲ᠋ᠧᠨᠲ ᠤᠨ ᠲᠤᠬᠠᠢ︾ ᠬᠠᠤᠯᠢ᠂ ︽ᠵᠣᠬᠢᠶᠠᠭᠴᠢ ᠶᠢᠨ ᠡᠷᠬᠡ ᠪᠣᠯᠤᠨ ᠲᠡᠭᠦᠨ ᠳᠦ ᠬᠠᠮᠢᠶᠠᠷᠬᠤ ᠡᠷᠬᠡ ᠶᠢᠨ ᠲᠤᠬᠠᠢ︾ ᠬᠠᠤᠯᠢ᠂︽ᠪᠠᠷᠠᠭᠠᠨ ᠤ ᠲᠡᠮᠳᠡᠭ᠂ ᠭᠠᠵᠠᠷ ᠵᠦᠢ ᠶᠢᠨ ᠵᠢᠭᠠᠯᠲᠠ ᠶᠢᠨ ᠲᠤᠬᠠᠢ︾ᠬᠠᠤᠯᠢ ᠪᠠᠷ ᠵᠣᠬᠢᠴᠠᠭᠤᠯᠵᠤ ᠢᠷᠡᠭᠰᠡᠨ᠃ ᠭᠡᠪᠡᠴᠦ ᠡᠳᠡᠭᠡᠷ ᠬᠠᠤᠯᠢ ᠳᠤ ᠳᠠᠪᠬᠤᠷᠳᠠᠭᠰᠠᠨ᠂  ᠵᠦᠷᠢᠶ᠎ᠡ ᠲᠡᠢ᠂ ᠬᠠᠤᠯᠢ ᠬᠣᠭᠣᠷᠣᠨᠳᠣ ᠶᠢᠨ ᠤᠶᠠᠯᠳᠤᠭ᠎ᠠ ᠬᠣᠯᠪᠣᠭ᠎ᠠ ᠦᠭᠡᠢ ᠵᠣᠬᠢᠴᠠᠭᠤᠯᠤᠯᠲᠠ ᠨᠤᠭᠤᠳ ᠪᠠᠶᠢᠭᠰᠠᠨ ᠨᠢ ᠣᠶᠤᠨ ᠤ ᠥᠮᠴᠢ ᠶᠢ ᠡᠳ᠋ ᠍ ᠦᠨ ᠵᠠᠰᠠᠭ ᠤᠨ ᠡᠷᠭᠢᠯᠲᠡ ᠳᠦ ᠤᠷᠤᠭᠤᠯᠬᠤ᠂ ᠵᠣᠬᠢᠶᠠᠭᠴᠢ ᠶᠢᠨ ᠡᠷᠬᠡ ᠶᠢ ᠬᠠᠮᠠᠭᠠᠯᠠᠬᠤ᠂ ᠦᠷ᠎ᠡ ᠦᠭᠭᠦᠭᠡᠵᠢ ᠶᠢ ᠬᠦᠷᠲᠡᠬᠦ ᠳᠦ ᠰᠦᠷᠭᠦ  ᠪᠠᠷ ᠨᠥᠯᠦᠭᠡᠯᠡᠭᠰᠡᠭᠡᠷ ᠪᠠᠶᠢᠭᠰᠠᠨ᠃ ᠲᠡᠶᠢᠮᠦ ᠡᠴᠡ ᠡᠨᠡ ᠲᠥᠷᠥᠯ ᠦᠨ ᠬᠠᠷᠢᠯᠴᠠᠭ᠎ᠠ ᠶᠢ ᠵᠣᠬᠢᠴᠠᠭᠤᠯᠳᠠᠭ ᠬᠠᠤᠯᠢ ᠬᠣᠭᠣᠷᠣᠨᠳᠣ ᠶᠢᠨ ᠵᠥᠷᠢᠴᠡᠯ ᠢ ᠠᠷᠢᠯᠭᠠᠬᠤ᠂ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠶᠢ ᠲᠣᠭᠲᠠᠪᠤᠷᠢᠲᠠᠢ ᠪᠣᠯᠭᠠᠬᠤ ᠪᠠᠷ︽ᠣᠶᠤᠨ ᠤ ᠥᠮᠴᠢ ᠶᠢᠨ ᠲᠤᠬᠠᠢ︾ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠶᠢᠨ ᠭᠡᠰᠢᠭᠦᠨ ᠨ ∙ ᠤᠴᠠᠷᠠᠯ ᠨᠠᠷ ᠤᠨ 9 ᠭᠡᠰᠢᠭᠦᠨ ᠪᠣᠯᠪᠠᠰᠤᠷᠠᠭᠤᠯᠤᠨ ᠪᠠᠲᠤᠯᠠᠭᠤᠯᠤᠭᠰᠠᠨ᠃

ᠰᠡᠳᠬᠢᠭᠳᠡᠯ ᠦᠯᠡᠳᠡᠭᠡᠬᠦ