ᠦᠨᠳᠦᠰᠦᠨ ᠬᠠᠤᠯᠢ  ᠶ᠋ᠢ ᠮᠣᠩᠭᠣᠯ ᠪᠢᠴᠢᠭ ᠢᠶᠠᠷ ᠬᠠᠭᠤᠯᠵᠠᠢ | News.MN

ᠦᠨᠳᠦᠰᠦᠨ ᠬᠠᠤᠯᠢ  ᠶ᠋ᠢ ᠮᠣᠩᠭᠣᠯ ᠪᠢᠴᠢᠭ ᠢᠶᠠᠷ ᠬᠠᠭᠤᠯᠵᠠᠢ

 

ᠡᠬᠡ ᠣᠷᠣᠨ ᠳᠤ ᠪᠠᠨ ᠬᠥᠮᠥᠯᠢᠭ ᠂ ᠢᠷᠭᠡᠨ ᠤ ᠠᠷᠠᠳᠴᠢᠯᠠᠭᠰᠠᠨ ᠨᠡᠶᠢᠭᠡᠮ ᠴᠤᠭᠴᠠᠯᠠᠨ ᠬᠥᠭᠵᠢᠭᠦᠯᠬᠦ ᠶ᠋ᠢ ᠡᠷᠬᠢᠮ ᠵᠣᠷᠢᠯᠭ᠎ᠠ ᠪᠣᠯᠭᠠᠭᠰᠠᠨ 1992 ᠣᠨ ᠤ ᠮᠣᠩᠭᠣᠯ ᠤᠯᠤᠰ ᠤᠨ ᠦᠨᠳᠦᠰᠦᠨ ᠬᠠᠤᠯᠢ ᠶ᠋ᠢᠨ ᠪᠢᠴᠢᠪᠦᠷᠢ ᠶ᠋ᠢ ᠦᠨᠳᠦᠰᠦᠨ ᠤ ᠮᠣᠩᠭᠣᠯ ᠪᠢᠴᠢᠭ ᠲᠥ ᠬᠥᠷᠪᠡᠭᠦᠯᠦᠭᠰᠡᠨ ᠬᠠᠮᠤᠭ ᠤᠨ ᠲᠣᠮᠣ ᠬᠤᠪᠢᠯᠪᠤᠷᠢ ᠶ᠋ᠢ ᠪᠦᠲᠦᠭᠡᠵᠦ ᠮᠣᠩᠭᠣᠯ ᠤᠯᠤᠰ ᠤᠨ ᠦᠨᠳᠦᠰᠦᠨ ᠬᠠᠤᠯᠢ ᠶ᠋ᠢᠨ ᠰᠡᠴᠡ ᠶ᠋ᠢᠨ ᠪᠠᠶᠢᠷᠢᠨ ᠳᠦ ᠵᠠᠯᠠᠯ᠎ᠠ ᠃

ᠮᠣᠩᠭᠣᠯ ᠤᠯᠤᠰ ᠤᠨ ᠦᠨᠳᠦᠰᠦᠨ ᠬᠠᠤᠯᠢ ᠶ᠋ᠢ ᠴᠢᠩᠳᠠᠯᠠᠨ ᠰᠠᠬᠢᠭᠤᠯᠬᠤ ᠪᠠᠲᠤᠯᠠᠭ᠎ᠠ ᠪᠣᠯᠣᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠶ᠋ᠢᠨ ᠰᠡᠴᠡ ᠦᠨᠳᠦᠰᠦᠨ ᠬᠠᠤᠯᠢ ᠶ᠋ᠢ ᠬᠦᠨᠳᠦᠯᠡᠨ ᠡᠷᠬᠢᠮᠯᠡᠨ ᠳᠡᠭᠡᠳᠦᠯᠡᠬᠦ ᠂ ᠲᠡᠭᠦᠨ ᠦ ᠦᠵᠡᠯ ᠰᠠᠨᠠᠭ᠎ᠠ ᠶ᠋ᠢ ᠣᠯᠠᠨ ᠨᠡᠶᠢᠲᠡ ᠳ᠋ᠥ ᠲᠦᠭᠡᠭᠡᠨ ᠳᠡᠯᠭᠡᠷᠡᠭᠦᠯᠬᠦ ᠂ ᠰᠤᠷᠲᠠᠯᠴᠢᠯᠠᠬᠤ  ᠡᠭᠦᠳᠡᠨ ᠡᠴᠡ ᠮᠦᠨ ᠲᠥᠷᠥ ᠶ᠋ᠢᠨ ᠠᠯᠪᠠᠨ ᠬᠡᠷᠡᠭ ᠢ ᠺᠢᠷᠢᠯ ᠪᠣᠯᠣᠨ ᠦᠨᠳᠦᠰᠦᠨ ᠦ ᠮᠣᠩᠭᠣᠯ ᠪᠢᠴᠢᠭ ᠢᠶ᠋ᠡᠷ ᠬᠥᠲᠥᠯᠥᠨ ᠶᠠᠪᠤᠭᠤᠯᠬᠤ ᠂ ᠴᠠᠭᠠᠰᠢᠳᠠ ᠪᠦᠬᠦ ᠨᠡᠶᠢᠲᠡ ᠪᠡᠷ ᠮᠣᠩᠭᠣᠯ ᠪᠢᠴᠢᠭ ᠲᠥ ᠰᠢᠯᠵᠢᠬᠦ ᠭᠡᠵᠦ ᠪᠠᠶᠢᠭ᠎ᠠ ᠲᠠᠢ ᠬᠣᠯᠪᠣᠭᠳᠠᠭᠤᠯᠤᠨ ᠡᠨᠡ ᠬᠤᠪᠢᠯᠪᠤᠷᠢ ᠶ᠋ᠢ ᠪᠦᠲᠦᠭᠡᠭᠰᠡᠨ ᠪᠠᠶᠢᠨ᠎ᠠ ᠃ ᠮᠣᠩᠭᠣᠯ ᠪᠢᠴᠢᠭ ᠲᠥ ᠬᠥᠷᠪᠡᠭᠦᠯᠦᠭᠰᠡᠨ ᠬᠤᠪᠢᠯᠪᠤᠷᠢ ᠨᠢ 183 х 143 ᠰᠠᠨᠲ᠋ᠢᠮᠧᠲ᠋ᠷ ᠤᠨ ᠬᠡᠮᠵᠢᠶ᠎ᠡ ᠲᠠᠢ ᠶᠤᠮ ᠭᠡᠵᠦ ᠦᠨᠳᠦᠰᠦᠨ ᠬᠠᠤᠯᠢ ᠶ᠋ᠢᠨ  ᠰᠡᠴᠡ ᠮᠡᠳᠡᠭᠡᠯᠡᠯ᠎ᠡ ᠃

ᠰᠡᠳᠬᠢᠭᠳᠡᠯ ᠦᠯᠡᠳᠡᠭᠡᠬᠦ