ᠴᠢᠩᠭᠢᠰ ᠬᠠᠭᠠᠨ ᠤ ᠮᠦᠽᠧᠢ ᠶᠢ ᠠᠰᠢᠭᠯᠠᠯᠲᠠ ᠳᠤ ᠣᠷᠣᠭᠤᠯᠤᠨ᠎ᠠ  | News.MN

ᠴᠢᠩᠭᠢᠰ ᠬᠠᠭᠠᠨ ᠤ ᠮᠦᠽᠧᠢ ᠶᠢ ᠠᠰᠢᠭᠯᠠᠯᠲᠠ ᠳᠤ ᠣᠷᠣᠭᠤᠯᠤᠨ᠎ᠠ 

 

ᠤᠯᠤᠰ ᠤᠨ ᠶᠡᠬᠡ ᠬᠤᠷᠠᠯ ᠤᠨ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠮᠦᠽᠧᠢ ᠶᠢᠨ ᠲᠤᠬᠠᠢ ᠬᠠᠤᠯᠢ ᠶᠢᠨ ᠲᠥᠰᠥᠯ ᠦᠨ ᠡᠴᠦᠰ ᠦᠨ ᠬᠡᠯᠡᠯᠴᠡᠭᠦᠯᠭᠡ ᠶᠢ ᠬᠢᠯ᠎ᠡ᠃

ᠡᠨᠡ ᠦᠶ᠎ᠡ ᠪᠡᠷ ᠰᠤᠶᠤᠯ ᠤᠨ ᠰᠠᠶᠢᠳ ᠤᠨ ᠡᠭᠦᠷᠭᠡ ᠭᠦᠢᠴᠡᠳᠬᠡᠭᠴᠢ ᠰ∙ᠴᠢᠯᠠᠭᠤᠨ ᠭᠡᠰᠢᠭᠦᠳ ᠦᠨ ᠠᠰᠠᠭᠤᠯᠲᠠ ᠳᠤ ᠬᠠᠷᠢᠭᠤᠯᠲᠠ ᠥᠭᠬᠦ ᠳᠦ ᠪᠡᠨ᠄ ᠴᠢᠩᠭᠢᠰ ᠬᠠᠭᠠᠨ᠂ ᠬᠠᠭᠠᠳ ᠢᠵᠠᠭᠤᠷᠲᠠᠨ ᠤ ᠮᠦᠽᠧᠢ ᠨᠢ ᠮᠣᠩᠭᠣᠯ ᠤᠯᠤᠰ ᠤᠨ ᠲᠡᠦᠬᠡᠨ ᠳᠦ ᠪᠠᠶᠢᠭ᠎ᠠ ᠦᠭᠡᠢ᠂ ᠣᠯᠠᠨ ᠤᠯᠤᠰ ᠲᠤ ᠬᠦᠯᠢᠶᠡᠨ ᠵᠥᠪᠰᠢᠶᠡᠷᠡᠭᠳᠡᠭᠰᠡᠨ ᠮᠦᠽᠧᠢ ᠪᠣᠯᠬᠤ ᠪᠥᠭᠡᠳ ᠣᠳᠣ ᠪᠠᠷ ᠪᠠᠷᠢᠯᠭ᠎ᠠ ᠶᠢᠨ ᠠᠵᠢᠯ 90᠂ ᠳᠣᠲᠣᠭᠠᠳᠤ ᠵᠠᠰᠠᠯ ᠤᠨ ᠠᠵᠢᠯ 70 ᠬᠤᠪᠢ ᠲᠠᠢ ᠶᠠᠪᠤᠭᠳᠠᠵᠤ ᠪᠠᠶᠢᠭ᠎ᠠ᠃ ᠮᠥᠨ ᠦᠵᠡᠮᠦᠷᠢ ᠪᠦᠷᠢᠳᠦᠭᠦᠯᠬᠦ ᠠᠵᠢᠯ 50 ᠣᠷᠴᠢᠮ ᠬᠤᠪᠢ ᠲᠠᠢ ᠪᠠᠶᠢᠨ᠎ᠠ᠃ ᠠᠷᠠᠳ ᠤᠨ ᠬᠤᠪᠢᠰᠬᠠᠯ ᠤᠨ 100 ᠵᠢᠯ ᠦᠨ ᠣᠢ ᠶᠢᠨ ᠡᠮᠦᠨ᠎ᠡ ᠠᠰᠢᠭᠯᠠᠯᠲᠠ ᠳᠤ ᠤᠷᠤᠭᠤᠯᠬᠤ ᠲᠥᠯᠥᠪᠯᠡᠭᠡ ᠲᠡᠢ ᠪᠠᠶᠢᠭ᠎ᠠ ᠭᠡᠪᠡ᠃

ᠰᠡᠳᠬᠢᠭᠳᠡᠯ ᠦᠯᠡᠳᠡᠭᠡᠬᠦ