︽ᠮᠠᠷᠺ ᠲᠤ ᠮᠥᠩᠬᠡᠷᠡᠭᠰᠡᠨ ᠳ ∙ ᠰᠦᠬᠡᠪᠠᠭᠠᠲᠤᠷ︾ᠦᠵᠡᠰᠬᠦᠯᠡᠩ ᠪᠤᠯᠵᠠᠢ | News.MN

︽ᠮᠠᠷᠺ ᠲᠤ ᠮᠥᠩᠬᠡᠷᠡᠭᠰᠡᠨ ᠳ ∙ ᠰᠦᠬᠡᠪᠠᠭᠠᠲᠤᠷ︾ᠦᠵᠡᠰᠬᠦᠯᠡᠩ ᠪᠤᠯᠵᠠᠢ

 

ᠠᠷᠠᠳ ᠤᠨ ᠵᠠᠰᠠᠭ ᠲᠥᠷᠥ ᠶᠢ ᠡᠭᠦᠰᠬᠡᠨ ᠪᠠᠶᠢᠭᠤᠯᠤᠭᠴᠢ ᠳ∙ᠰᠦᠬᠡᠪᠠᠭᠠᠲᠤᠷ ᠤᠨ ᠮᠡᠨᠳᠦᠯᠡᠭᠰᠡᠨ ᠦ 128 ᠵᠢᠯ᠂  ᠮᠤᠩᠭᠤᠯ ᠠᠷᠠᠳ ᠤᠨ ᠨᠠᠮ ᠍ ᠤᠨ 100 ᠵᠢᠯ ᠦᠨ ᠣᠢ ᠶᠢ ᠲᠣᠬᠢᠶᠠᠯᠳᠤᠭᠤᠯᠤᠨ  ᠤᠷᠬᠤᠨ ᠠᠶᠢᠮᠠᠭ ᠤᠨ ᠮᠤᠩᠭᠤᠯ ᠠᠷᠠᠳ ᠤᠨ ᠨᠠᠮ ᠤᠨ ᠬᠣᠷᠢᠶ᠎ᠠ︽ᠡᠷᠳᠡᠨᠢᠲᠦ ᠥᠪ︾ᠨᠡᠶᠢᠭᠡᠮ ᠳᠦ ᠦᠢᠯᠡᠴᠢᠯᠡᠬᠦ ᠲᠥᠷᠥ ᠶᠢᠨ ᠪᠤᠰᠤ ᠪᠠᠶᠢᠭᠤᠯᠤᠯᠭ᠎ᠠ ᠲᠠᠢ ᠬᠠᠮᠲᠤᠷᠠᠨ︽ᠮᠠᠷᠺ ᠲᠤ ᠮᠥᠩᠬᠡᠷᠡᠭᠰᠡᠨ ᠳ∙ᠰᠦᠬᠡᠪᠠᠭᠠᠲᠤᠷ︾ᠮᠠᠷᠺ᠂ ᠮᠥᠩᠭᠥᠨ ᠲᠡᠮᠳᠡᠭᠲᠦ ᠶᠢᠨ ᠳᠤᠷᠠᠰᠬᠠᠯ ᠤᠨ ᠦᠵᠡᠰᠬᠦᠯᠡᠩ ᠭᠠᠷᠭᠠᠯ᠎ᠠ᠃
ᠮᠣᠩᠭᠣᠯ ᠤᠯᠤᠰ ᠤᠨ ᠲᠡᠦᠬᠡᠨ ᠳᠦ ᠡᠷᠬᠢᠮ ᠡᠭᠦᠷᠭᠡ ᠭᠦᠢᠴᠡᠳᠭᠡᠭᠰᠡᠨ  ᠴᠡᠷᠢᠭ ᠦᠨ ᠶᠠᠮᠤᠨ ᠤ ᠰᠠᠢᠳ᠂ ᠠᠷᠠᠳ ᠤᠨ ᠵᠢᠷᠤᠮᠲᠤ  ᠴᠡᠷᠢᠭ ᠦᠨ ᠵᠠᠩᠵᠤᠨ ᠳ ∙ ᠰᠦᠬᠡᠪᠠᠭᠠᠲᠤᠷ 1893 ᠣᠨ ᠤ 2 ᠳ᠋ᠤᠭᠠᠷ ᠰᠠᠷ᠎ᠠ ᠶᠢᠨ 2 ᠍ ᠳᠦ ᠲᠦᠷᠦᠵᠡᠢ᠃ 1921 ᠣᠨ ᠤ 3 ᠳ᠋ᠤᠭᠠᠷ ᠰᠠᠷ᠎ᠠ ᠶᠢᠨ 18 ᠍ ᠳᠦ ᠲᠡᠭᠦᠨ  ᠤ ᠲᠡᠷᠢᠭᠦᠯᠡᠭᠰᠡᠨ ᠠᠷᠠᠳ ᠤᠨ ᠵᠢᠷᠤᠮᠲᠤ ᠴᠡᠷᠢᠭ᠂ ᠤᠯᠠᠭᠠᠨ ᠠᠷᠮᠢ ᠶᠢᠨ ᠬᠠᠮᠲᠤ ᠬᠢᠶᠠᠭᠲᠤ ᠬᠣᠲᠠ ᠶᠢ ᠬᠢᠲᠠᠳ ᠤᠨ ᠴᠡᠷᠢᠭ ᠡᠴᠡ ᠴᠢᠯᠦᠭᠡᠯᠡᠭᠰᠡᠨ ᠲᠡᠦᠬᠡ ᠲᠠᠢ᠃ ᠤᠭ ᠦᠵᠡᠰᠬᠦᠯᠡᠩ ᠳᠦ ᠮᠠᠷᠺ ᠴᠤᠭᠯᠠᠭᠤᠯᠤᠭᠴᠢ ᠪ∙ᠮᠠᠵᠢᠨᠪᠤᠤ ᠶᠢᠨ ᠬᠤᠪᠢ ᠶᠢᠨ ᠴᠤᠭᠯᠠᠭᠤᠯᠭ᠎ᠠ ᠠᠴᠠ ᠳ ∙ᠰᠦᠬᠡᠪᠠᠭᠠᠲᠤᠷ ᠵᠠᠩᠵᠤᠨ ᠪᠣᠯᠤᠨ ᠮᠤᠩᠭᠤᠯ ᠠᠷᠠᠳ ᠤᠨ ᠨᠠᠮ ᠍ ᠤᠨ ᠲᠡᠦᠬᠡᠨ ᠬᠣᠯᠪᠣᠭᠳᠠᠯ ᠲᠠᠢ 600 ᠭᠠᠷᠤᠢ ᠪᠦᠲᠦᠭᠡᠯ ᠳᠡᠯᠭᠡᠭᠳᠡᠵᠡᠢ᠃

ᠰᠡᠳᠬᠢᠭᠳᠡᠯ ᠦᠯᠡᠳᠡᠭᠡᠬᠦ