ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠳᠡᠷᠭᠡᠳᠡᠬᠢ︽ᠭᠠᠷᠤᠭᠠᠨ ᠤ ᠳ᠋ᠢᠵᠢᠲ᠋ᠠᠯ ᠰᠤᠯᠢᠤᠱᠢᠨᠰ︾ ᠺᠣᠮᠫᠠᠨᠢ ᠵᠢᠷᠭᠤᠭᠠᠨ ᠵᠢᠯ ᠦᠨ ᠡᠮᠦᠨ᠎ᠡ ᠡᠴᠡ VR ᠲᠥᠬᠥᠭᠡᠷᠦᠮᠵᠢ ᠶᠢ ᠠᠰᠢᠭᠯᠠᠨ ᠮᠣᠩᠭᠣᠯ ᠤᠯᠤᠰ ᠤᠨ 21 ᠠᠶᠢᠮᠠᠭ ᠤᠨ ᠥᠪ ᠰᠤᠶᠤᠯ᠂ ᠲᠡᠦᠬᠡ᠂ ᠪᠠᠢᠭᠠᠯᠢ ᠶᠢᠨ ᠦᠵᠡᠰᠬᠦᠯᠡᠩᠲᠦ ᠭᠠᠵᠠᠷ ᠤᠳ ᠢ ᠢᠯᠡᠷᠬᠡᠶᠢᠯᠡᠭᠰᠡᠨ ᠳ᠋ᠢᠵᠢᠲ᠋ᠠᠯ ᠠᠭᠤᠯᠭ᠎ᠠ ᠪᠦᠲᠦᠭᠡᠬᠦ ᠪᠡᠷ ᠠᠵᠢᠯᠯᠠᠵᠤ ᠪᠠᠶᠢᠭ᠎ᠠ ᠶᠤᠮ᠃ ᠲᠡᠳᠡ ᠭᠠᠳᠠᠭᠠᠳᠤ ᠳᠣᠲᠣᠭᠠᠳᠤ ᠶᠢᠨ ᠠᠶᠠᠯᠠᠭᠴᠢᠳ ᠲᠤ ᠮᠣᠩᠭᠣᠯ ᠤᠯᠤᠰ ᠢ ᠸᠢᠷᠲ᠋ᠤᠸᠠᠯ ᠤᠷᠴᠢᠨ ᠳᠤ ᠰᠤᠷᠲᠠᠯᠴᠢᠯᠠᠬᠤ ᠪᠣᠯᠤᠮᠵᠢ ᠶᠢ ᠪᠦᠷᠢᠳᠦᠭᠦᠯᠬᠦ᠂ ᠣᠷᠣᠨ ᠨᠤᠲᠤᠭ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠳᠦ ᠴᠢᠭᠯᠡᠭᠰᠡᠨ ᠠᠭᠤᠯᠭ᠎ᠠ ᠪᠤᠢ ᠪᠣᠯᠭᠠᠬᠤ᠂ ᠴᠠᠬᠢᠮ ᠮᠡᠳᠡᠭᠡᠯᠡᠯ ᠦᠨ ᠫᠯᠠᠲ᠋ᠹᠣᠷᠮ ᠢ ᠨᠡᠪᠲᠡᠷᠡᠭᠦᠯᠬᠦ ᠶᠤᠮ᠃
ᠠᠶᠠᠯᠠᠯ ᠵᠢᠭᠤᠯᠴᠢᠯᠠᠯ ᠤᠨ ᠰᠠᠯᠪᠤᠷᠢ ᠳᠤ ᠣᠷᠴᠢᠨ ᠦᠶ᠎ᠡ ᠶᠢᠨ ᠳᠡᠪᠰᠢᠯᠲᠡᠲᠦ ᠲᠧᠭᠨᠣᠯᠣᠭᠢ ᠨᠡᠪᠲᠡᠷᠡᠵᠦ ᠡᠬᠢᠯᠡᠭᠰᠡᠨ ᠢᠶᠡᠷ ᠮᠣᠩᠭᠣᠯ ᠤᠯᠤᠰ ᠤᠨ 21 ᠠᠶᠢᠮᠠᠭ ᠤᠨ ᠳᠤᠷᠠᠰᠬᠠᠯᠲᠤ ᠭᠠᠵᠠᠷ ᠤᠳ ᠢ ᠸᠢᠷᠲ᠋ᠤᠸᠠᠯ ᠤᠷᠴᠢᠨ ᠳᠤ ᠳᠡᠯᠡᠬᠡᠢ ᠶᠢᠨ ᠬᠠᠮᠢᠭ᠎ᠠ ᠠᠴᠠ ᠴᠤ ᠪᠦᠷᠢᠨ ᠦᠵᠡᠬᠦ ᠪᠣᠯᠤᠮᠵᠢ ᠲᠠᠢ ᠪᠣᠯᠵᠤ ᠪᠠᠶᠢᠭ᠎ᠠ ᠶᠤᠮ᠃ ᠸᠢᠷᠲ᠋ᠤᠸᠠᠯ ᠣᠷᠴᠢᠨ ᠢᠶᠠᠷ ᠠᠶᠠᠯᠠᠬᠤ ᠶᠢᠨ ᠰᠤᠯᠠ ᠲᠠᠯ᠎ᠠ ᠨᠢ ᠥᠪᠡᠷ ᠦᠨ ᠪᠡᠶ᠎ᠡ ᠪᠡᠷ ᠢᠷᠡᠵᠦ ᠦᠵᠡᠭᠰᠡᠨ ᠶᠤᠮ ᠰᠢᠭ ᠮᠡᠳᠡᠷᠡᠮᠵᠢ ᠠᠪᠴᠤ ᠴᠢᠳᠠᠬᠤ ᠦᠭᠡᠢ ᠴᠤ ᠳᠠᠪᠠᠭᠤ ᠲᠠᠯ᠎ᠠ ᠨᠢ ᠴᠠᠭ ᠬᠤᠭᠤᠴᠠᠭ᠎ᠠ᠂ ᠰᠠᠩᠬᠦᠦ ᠶᠢ ᠬᠡᠮᠨᠡᠨ᠎ᠡ᠃