ᠣᠯᠠᠨ ᠤᠯᠤᠰ ᠤᠨ ᠸᠠᠯᠢᠶᠤᠲ ᠤᠨ ᠰᠠᠩ᠂ ᠳᠡᠯᠡᠬᠡᠢ ᠶᠢᠨ ᠪᠠᠩᠬᠢᠨ ᠤ 2021 ᠣᠨ ᠤ ᠬᠠᠪᠤᠷ ᠤᠨ ᠠᠭᠤᠯᠵᠠᠯᠲᠠ ᠦᠷᠭᠦᠯᠵᠢᠯᠡᠵᠦ ᠪᠠᠶᠢᠨ᠎ᠠ᠃ ᠡᠨᠡ ᠣᠨ ᠳᠤ ᠠᠮᠧᠷᠢᠺᠠ ᠶᠢᠨ ᠡᠳ᠋ ᠍ ᠦᠨ ᠵᠠᠰᠠᠭ ᠢ 6᠂ ᠡᠸᠦ᠋ᠷᠦᠫᠡ ᠪᠥᠰᠡ ᠶᠢ 4.4 ᠬᠤᠪᠢ ᠪᠠᠷ ᠥᠰᠥᠨ᠎ᠡ ᠭᠡᠵᠦ ᠲᠣᠭᠠᠴᠠᠭᠰᠠᠨ ᠪᠣᠯ ᠠᠽᠢᠶ᠎ᠠ ᠶᠢᠨ ᠬᠥᠭᠵᠢᠵᠦ ᠪᠤᠢ ᠣᠷᠣᠨ ᠨᠤᠭᠤᠳ ᠤᠨ ᠡᠳ᠋ ᠍ ᠦᠨ ᠵᠠᠰᠠᠭ ᠤᠨ ᠥᠰᠦᠯᠲᠡ ᠬᠤᠷᠳᠤᠴᠠ ᠲᠠᠢ ᠪᠠᠶᠢᠬᠤ ᠪᠥᠭᠡᠳ 8.6 ᠬᠤᠪᠢ ᠶᠢᠨ ᠥᠰᠦᠯᠲᠡ ᠲᠡᠢ ᠭᠠᠷᠤᠨ᠎ᠠ ᠭᠡᠵᠦ ᠲᠠᠭᠠᠮᠠᠭᠯᠠᠵᠠᠢ᠃
ᠭᠡᠪᠡᠴᠦ ᠮᠣᠩᠭᠣᠯ ᠤᠯᠤᠰ ᠤᠨ ᠡᠳ᠋ ᠍ ᠦᠨ ᠵᠠᠰᠠᠭ ᠢ 5 ᠬᠤᠪᠢ ᠪᠠᠷ ᠥᠰᠥᠨ᠎ᠡ ᠭᠡᠵᠦ ᠲᠣᠭᠠᠴᠠᠭᠰᠠᠨ ᠨᠢ ᠡᠮᠦᠨᠡᠬᠢ ᠲᠥᠰᠥᠭᠡᠯᠡᠯ ᠡᠴᠡ ᠨᠢᠭᠡ ᠨᠢᠭᠡᠴᠡ ᠬᠤᠪᠢ ᠪᠠᠷ ᠪᠠᠭᠤᠷᠠᠭᠤᠯᠤᠭᠰᠠᠨ ᠬᠡᠮᠵᠢᠶ᠎ᠡ ᠶᠤᠮ᠃ ᠳᠡᠯᠡᠬᠡᠢ ᠶᠢᠨ ᠪᠠᠩᠬᠢᠨ ᠤ ᠦᠵᠡᠬᠦ ᠪᠡᠷ ᠵᠠᠰᠠᠭ ᠤᠨ ᠭᠠᠵᠠᠷ ᠠᠴᠠ ᠠᠪᠴᠤ ᠬᠡᠷᠡᠭᠵᠢᠭᠦᠯᠵᠦ ᠪᠤᠢ ᠡᠳ᠋ ᠍ ᠦᠨ ᠵᠠᠰᠠᠭ ᠢ ᠢᠳᠡᠪᠬᠢᠵᠢᠭᠦᠯᠬᠦ ᠪᠣᠳᠣᠯᠭ᠎ᠠ ᠶᠢᠨ ᠵᠢᠭᠡᠯᠡ ᠨᠦᠭᠦᠳ ᠨᠢ ᠬᠥᠷᠥᠩᠭᠡ ᠣᠷᠣᠭᠤᠯᠤᠯᠲᠠ ᠪᠣᠯᠤᠨ ᠠᠭᠤᠯᠠ ᠠᠭᠤᠷᠬᠠᠢ ᠶᠢᠨ ᠪᠤᠰᠤ ᠰᠠᠯᠪᠤᠷᠢ ᠶᠢᠨ ᠦᠢᠯᠡᠳᠪᠦᠷᠢᠯᠡᠯ ᠰᠡᠷᠭᠦᠬᠦ ᠳᠦ ᠳᠡᠮᠵᠢᠯᠭᠡ ᠦᠵᠡᠭᠦᠯᠬᠦ ᠪᠡᠷ ᠪᠠᠶᠢᠨ᠎ᠠ᠃