︽ᠡᠬᠡ ᠣᠷᠣᠨᠴᠢ ᠬᠤᠳᠠᠯᠳᠤᠨ ᠠᠪᠤᠯᠲᠠ-ᠦᠨᠳᠦᠰᠦᠨ ᠦ ᠦᠢᠯᠡᠳᠪᠦᠷᠢᠯᠡᠯ 2021︾ ᠦᠵᠡᠰᠬᠦᠯᠡᠩ ᠢ ᠴᠠᠬᠢᠮ ᠢᠶᠠᠷ ᠵᠣᠬᠢᠶᠠᠨ ᠪᠠᠶᠢᠭᠤᠯᠵᠤ ᠪᠠᠶᠢᠨ᠎ᠠ᠃ ᠳᠣᠲᠣᠭᠠᠳᠤ ᠶᠢᠨ ᠦᠢᠯᠡᠳᠪᠦᠷᠢ ᠡᠷᠬᠢᠯᠡᠭᠴᠢᠳ ᠢ ᠲᠥᠷᠥ ᠶᠢᠨ ᠬᠤᠳᠠᠯᠳᠤᠨ ᠠᠪᠤᠯᠲᠠ ᠪᠠᠷ ᠳᠡᠮᠵᠢᠬᠦ᠂ ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠪᠠᠶᠢᠭᠤᠯᠤᠯᠭ᠎ᠠ ᠨᠤᠭᠤᠳ ᠲᠠᠢ ᠬᠤᠯᠪᠤᠬᠤ᠂ ᠪᠠᠷᠠᠭ᠎ᠠ ᠪᠦᠲᠦᠭᠡᠭᠳᠡᠬᠦᠨ ᠢ ᠲᠠᠨᠢᠯᠴᠠᠭᠤᠯᠬᠤ ᠵᠣᠷᠢᠯᠭ᠎ᠠ ᠪᠠᠷ ᠰᠠᠷ᠎ᠠ ᠶᠢᠨ ᠬᠤᠭᠤᠴᠠᠭᠠᠨ ᠳᠤ ᠦᠷᠭᠦᠯᠵᠢᠯᠡᠬᠦ ᠦᠵᠡᠰᠬᠦᠯᠡᠩ ᠰᠧᠮᠢᠨᠠᠷ ᠢᠶᠠᠷ ᠥᠨᠥᠳᠥᠷ ᠣᠶᠤᠨ ᠤ ᠥᠮᠴᠢ ᠶᠢᠨ ᠲᠠᠯ᠎ᠠ ᠪᠠᠷ ᠲᠠᠨᠢᠯᠴᠠᠭᠤᠯᠤᠨ᠎ᠠ᠃ ᠲᠣᠳᠣᠷᠠᠭᠤᠯᠪᠠᠯ᠂ ︽ᠰᠢᠨ᠎ᠡ ᠪᠦᠲᠦᠭᠡᠯ᠂ ᠠᠰᠢᠭᠲᠠᠢ ᠵᠠᠭᠪᠤᠷ︾᠂ ︽ᠪᠦᠲᠦᠭᠡᠭᠳᠡᠬᠦᠨ ᠦ ᠵᠠᠭᠪᠤᠷ᠂ ᠪᠠᠷᠠᠭᠠᠨ ᠤ ᠲᠡᠮᠳᠡᠭ᠂ ᠭᠠᠵᠠᠷ ᠵᠦᠢ ᠶᠢᠨ ᠵᠢᠭᠠᠯᠲᠠ ᠶᠢᠨ ᠲᠤᠬᠠᠢ ᠣᠶᠢᠯᠠᠭᠠᠯᠲᠠ︾᠂ ︽ᠵᠣᠬᠢᠶᠠᠭᠴᠢ ᠶᠢᠨ ᠡᠷᠬᠡ︾ ᠰᠡᠳᠦᠪ ᠢᠶᠡᠷ ᠣᠶᠤᠨ ᠤ ᠥᠮᠴᠢ ᠶᠢᠨ ᠭᠠᠵᠠᠷ ᠤᠨ ᠵᠣᠬᠢᠶᠠᠭᠴᠢ ᠶᠢᠨ ᠡᠷᠬᠡ ᠶᠢᠨ ᠬᠡᠯᠲᠡᠰ ᠦᠨ ᠰᠢᠨᠵᠢᠭᠡᠴᠢ ᠪ ∙ ᠨᠣᠮᠢᠨᠳᠠᠷᠢ ᠮᠡᠳᠡᠭᠡᠯᠡᠯ ᠥᠭᠬᠦ ᠶᠤᠮ᠃
ᠴᠠᠬᠢᠮ ᠦᠵᠡᠰᠬᠦᠯᠡᠩ ᠳᠦ ᠲᠥᠷᠥ ᠶᠢᠨ 32 ᠪᠠᠶᠢᠭᠤᠯᠤᠯᠭ᠎ᠠ ᠬᠤᠳᠠᠯᠳᠤᠨ ᠠᠪᠬᠤ ᠪᠠᠷᠠᠭ᠎ᠠ ᠮᠠᠲ᠋ᠧᠷᠢᠶᠠᠯ ᠤᠨ ᠮᠡᠳᠡᠭᠡᠯᠡᠯ ᠢᠶᠡᠷ᠂ 150 ᠭᠠᠷᠤᠢ ᠠᠵᠤ ᠠᠬᠤᠢ ᠶᠢᠨ ᠨᠢᠭᠡᠴᠢ᠂ ᠢᠷᠭᠡᠨ ᠨᠣᠣᠰᠣ ᠨᠤᠯᠤᠤᠷ᠂ ᠠᠷᠠᠰᠤ ᠰᠢᠷᠢ᠂ ᠰᠠᠪᠬᠢᠨ ᠪᠣᠯᠤᠨ ᠦᠰᠦᠯᠢᠭ ᠡᠳ᠋ᠯᠡᠯ᠂ ᠮᠣᠳᠣᠨ ᠡᠳ᠋ᠯᠡᠯ᠂ ᠭᠤᠶᠤᠯᠠᠯ ᠴᠢᠮᠡᠭᠯᠡᠯ᠂ ᠮᠢᠬ᠎ᠠ᠂ ᠰᠦᠨ ᠪᠦᠲᠦᠭᠡᠭᠳᠡᠬᠦᠨ᠂ ᠭᠣᠸ᠎ᠠ ᠰᠠᠶᠢᠬᠠᠨ᠂ ᠡᠮ ᠪᠢᠤ᠋ ᠪᠡᠯᠡᠳᠦᠮᠡᠯ᠂ ᠵᠠᠮ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠠᠷᠠᠭ᠎ᠠ ᠪᠦᠲᠦᠭᠡᠭᠳᠡᠬᠦᠨ ᠢᠶᠡᠷ ᠣᠷᠣᠯᠴᠠᠵᠤ ᠪᠠᠶᠢᠨ᠎ᠠ᠃