ᠡᠷᠡᠭᠦᠯ ᠮᠡᠨᠳᠦ ᠶᠢᠨ ᠶᠠᠮᠤᠨ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠲᠥᠯᠥᠭᠡᠯᠡᠯ ᠦᠳ ᠳᠡᠭᠦᠷᠭᠡ ᠨᠦᠭᠦᠳ ᠦᠨ ᠨᠢᠭᠡᠳᠦᠭᠰᠡᠨ ᠡᠮᠨᠡᠯᠭᠡ᠂ ᠡᠷᠦᠬᠡ ᠶᠢᠨ ᠡᠮᠨᠡᠯᠭᠡ ᠨᠦᠭᠦᠳ ᠦᠨ ᠨᠥᠬᠥᠴᠡᠯ ᠪᠠᠶᠢᠳᠠᠯ ᠲᠠᠢ ᠲᠠᠨᠢᠯᠴᠠᠵᠤ ᠲᠡᠳᠡᠨ ᠳᠦ ᠲᠤᠯᠭᠠᠮᠳᠠᠵᠤ ᠪᠤᠢ ᠠᠰᠠᠭᠤᠳᠠᠯ ᠤᠳ ᠢ ᠬᠡᠯᠡᠯᠴᠡᠨ ᠵᠠᠷᠢᠮ ᠢ ᠨᠢ ᠭᠠᠵᠠᠷ ᠳᠡᠭᠡᠷ᠎ᠡ ᠨᠢ ᠰᠢᠢᠳᠪᠦᠷᠢᠯᠡᠵᠦ ᠠᠵᠢᠯᠯᠠᠭᠰᠠᠨ ᠪᠠᠶᠢᠨ᠎ᠠ᠃ ᠡᠮᠴᠢ ᠠᠵᠢᠯᠴᠢᠳ ᠨᠡᠩ ᠲᠡᠷᠢᠭᠦᠨ ᠦ ᠡᠭᠡᠯᠵᠢᠨ ᠳᠦ ᠡᠮᠨᠡᠯᠭᠡ ᠶᠢᠨ ᠣᠷᠣᠨ ᠤ ᠠᠰᠠᠭᠤᠳᠠᠯ ᠪᠣᠯᠤᠨ ᠬᠦᠮᠦᠨ ᠦ ᠨᠥᠭᠡᠴᠡ ᠶᠢᠨ ᠳᠤᠲᠠᠭᠳᠠᠯ ᠳᠤ ᠣᠷᠣᠵᠤ ᠪᠠᠶᠢᠭ᠎ᠠ ᠶᠢ ᠠᠯᠪᠠᠨ ᠤ ᠬᠢᠨ ᠳᠤ ᠤᠯᠠᠮᠵᠢᠯᠠᠯ᠎ᠠ᠃ ᠲᠣᠳᠣᠷᠠᠭᠤᠯᠪᠠᠯ᠂ ᠪᠠᠶᠠᠩᠭᠤᠤᠯ ᠳᠡᠭᠦᠷᠭᠡ ᠳᠤ ᠨᠢᠭᠡ ᠡᠮᠴᠢ᠂ ᠨᠢᠭᠡ ᠰᠤᠪᠢᠯᠠᠭᠴᠢ ᠳᠤ 1500-2000 ᠬᠦᠮᠦᠨ ᠨᠣᠭᠳᠠᠳᠠᠭ ᠪᠣᠯ ᠲᠤᠬᠠᠢ ᠶᠢᠨ ᠡᠮᠴᠢ ᠡᠳᠦᠷ ᠲᠦ ᠪᠡᠨ 38-104 ᠪᠠᠲᠤᠯᠠᠭᠳᠠᠭᠰᠠᠨ ᠪᠣᠯᠤᠨ ᠲᠡᠭᠦᠨ ᠦ ᠣᠶᠢᠷ᠎ᠠ ᠶᠢᠨ ᠬᠠᠪᠢᠲᠠᠯ ᠤᠳ ᠲᠤ ᠲᠤᠰᠠᠯᠠᠮᠵᠢ ᠦᠢᠯᠡᠴᠢᠯᠡᠭᠡ ᠦᠵᠡᠭᠦᠯᠵᠦ ᠠᠵᠢᠯᠯᠠᠬᠤ ᠱᠠᠭᠠᠷᠳᠠᠯᠭ᠎ᠠ ᠲᠠᠢ ᠪᠣᠯᠳᠠᠭ ᠪᠠᠶᠢᠨ᠎ᠠ᠃
ᠥᠩᠭᠡᠷᠡᠭᠰᠡᠨ ᠳᠣᠯᠣᠭ᠎ᠠ ᠬᠣᠨᠣᠭ ᠲᠤ 648 ᠡᠮᠴᠢ ᠶᠢ ᠲᠠᠯᠠᠪᠤᠷ ᠲᠤ ᠳᠠᠶᠢᠴᠢᠯᠠᠨ ᠠᠵᠢᠯᠠᠭᠤᠯᠤᠭᠰᠠᠨ ᠪᠥᠭᠡᠳ 850 ᠭᠠᠷᠤᠢ ᠨᠡᠮᠡᠯᠲᠡ ᠣᠷᠣ ᠶᠢ ᠭᠠᠷᠭᠠᠵᠠᠢ᠃ ᠳᠠᠬᠢᠨ ᠪᠠᠶᠠᠨᠬᠣᠰᠢᠭᠤᠨ ᠤ ᠡᠮᠨᠡᠯᠭᠡ ᠳᠤ 300᠂ ᠪᠠᠶᠠᠨᠵᠢᠷᠦᠬᠡ ᠳᠡᠭᠦᠷᠭᠡ ᠳᠦ 50 ᠣᠷᠣ ᠨᠡᠮᠡᠯᠲᠡ ᠪᠡᠷ ᠭᠠᠷᠭᠠᠬᠤ ᠪᠠᠷ ᠨᠥᠭᠡᠴᠡ ᠶᠢ ᠰᠤᠳᠤᠯᠵᠤ ᠣᠷᠣ ᠶᠢ ᠨᠡᠮᠡᠭᠳᠡᠭᠦᠯᠬᠦ ᠪᠡᠯᠡᠳᠬᠡᠯ ᠠᠵᠢᠯ ᠶᠠᠪᠤᠭᠳᠠᠵᠤ ᠪᠠᠶᠢᠭ᠎ᠠ ᠶᠢ ᠡᠷᠡᠭᠦᠯ ᠮᠡᠨᠳᠦ ᠶᠢᠨ ᠶᠠᠮᠤᠨ ᠤ ᠬᠢᠨ ᠬᠡᠯᠡᠯ᠎ᠡ᠃ ᠬᠠᠷᠢᠨ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠡᠮᠨᠡᠯᠭᠡ ᠨᠦᠭᠦᠳ ᠲᠦ ᠨᠡᠩ ᠱᠠᠭᠠᠷᠳᠠᠯᠭ᠎ᠠ ᠲᠠᠢ ᠬᠦᠴᠢᠯᠲᠥᠷᠦᠭᠴᠢ ᠶᠢᠨ ᠠᠫᠫᠠᠷᠠᠲ ᠲᠠᠢ ᠣᠷᠣ᠂ ᠲᠦᠷᠭᠡᠪᠴᠢᠯᠡᠭᠰᠡᠨ ᠣᠨᠣᠰᠢᠯᠠᠭᠤᠷ ᠦᠨ ᠳᠡᠮᠵᠢᠯᠭᠡ ᠦᠵᠡᠭᠦᠯᠵᠦ ᠱᠠᠭᠠᠷᠳᠠᠯᠭ᠎ᠠ ᠲᠠᠢ ᠵᠥᠪᠯᠡᠮᠵᠢ ᠶᠢ ᠴᠠᠭ ᠲᠤᠬᠠᠢ ᠪᠦᠷᠢ ᠳᠦ ᠨᠢ ᠬᠦᠷᠭᠡᠵᠦ ᠠᠵᠢᠯᠯᠠᠵᠤ ᠪᠠᠶᠢᠭ᠎ᠠ ᠭᠡᠯᠡ᠃